2025 ᠣᠨ ᠤ ᠪᠥᠬᠦ ᠬᠤᠲᠠ ᠶᠢᠨ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠦᠯᠦᠪᠯᠡᠬᠦ ᠠᠵᠢᠯᠯᠠᠭ᠎ᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠠᠬᠢᠭᠤᠯᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/7
ᠾᠧ ᠬᠠᠢ ᠳ᠋ᠦᠩ ᠶᠠᠷᠢᠶ᠎ᠠ ᠲᠠᠯᠪᠢᠵᠠᠢ      ︵ᠰᠤᠷᠪᠤᠯᠵᠢᠯᠠᠭᠴᠢ ᠯᠢᠶᠠᠩ ᠵᠢᠩ ᠱᠥ︶ 2 ᠳ᠋ᠤᠭᠠᠷ ᠰᠠᠷ᠎ᠠ ᠶᠢᠨ 6 ᠤ ᠡᠳᠦᠷ᠂ 2025 ᠣᠨ ᠤ ᠪᠥᠬᠦ ᠬᠤᠲᠠ ᠶᠢᠨ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠦᠯᠦᠪᠯᠡᠬᠦ ᠠᠵᠢᠯᠯᠠᠭ᠎ᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠠᠬᠢᠭᠤᠯᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠢᠦ ᠵᠢᠶ ᠶᠢᠩ ︽ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠦᠯᠦᠪᠯᠡᠬᠦ ᠠᠵᠢᠯᠯᠠᠭ᠎ᠠ︾ ᠶᠢᠨ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠬᠤᠲᠠ ᠶᠢᠨ ᠳᠡᠳ᠋ ᠳᠠᠷᠤᠭ᠎ᠠ ᠲᠠᠯ᠎ᠠ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢᠨ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠭᠰᠠᠨ ᠨᠢ᠂ ︽ᠵᠢᠷᠭᠤᠭᠠᠨ ᠠᠵᠢᠯᠯᠠᠭ᠎ᠠ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠳᠤᠨᠤᠨ ᠤ ︽ᠵᠢᠷᠭᠤᠭᠠᠨ ᠢᠨᠵᠧᠨᠧᠷᠢᠩ︾ ᠤᠨ ᠳᠠᠷᠠᠭᠠᠬᠢ ᠪᠠᠰᠠ ᠨᠢᠭᠡ ᠴᠢᠬᠤᠯᠠ ᠶᠡᠭᠡ ᠪᠠᠶᠢᠷᠢᠯᠠᠭᠤᠯᠤᠯᠲᠠ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠵᠢᠷᠭᠤᠭᠠᠨ ᠠᠵᠢᠯᠯᠠᠭ᠎ᠠ︾ ᠶᠢᠨ ᠬᠡᠷᠡᠭᠵᠢᠭᠦᠯᠬᠦ ᠲᠥᠰᠦᠯ ᠶᠣᠰᠣᠭᠠᠷ᠂ ᠵᠢᠷᠤᠭ ᠡᠯᠭᠦᠨ ᠪᠠᠶᠢᠯᠳᠤᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠪᠠᠨ ᠴᠢᠩᠭ᠎ᠠ ᠠᠩᠬᠠᠷᠴᠤ᠂ ᠬᠠᠷᠢᠭᠤᠴᠠᠯᠭ᠎ᠠ ᠪᠠᠨ ᠦᠨᠡᠨ ᠬᠦ ᠪᠣᠳᠠᠲᠠᠶᠢᠵᠢᠭᠤᠯᠵᠤ᠂ ᠬᠡᠯᠡᠪᠡᠯ ᠵᠠᠪᠠᠯ ᠬᠢᠵᠦ᠂ ᠬᠤᠭᠤᠰᠤᠨ ᠤᠷᠢᠶ᠎ᠠ ᠬᠠᠰᠬᠢᠷᠬᠤ ᠪᠠ ᠦᠩᠭᠡᠨ ᠲᠠᠯ᠎ᠠ ᠶᠢᠨ ᠠᠵᠢᠯ ᠬᠢᠬᠦ ᠶᠢ ᠡᠷᠡᠰ ᠬᠤᠷᠢᠭᠯᠠᠬᠤ ᠬᠡᠷᠡᠭᠲᠡᠢ᠃ ᠡᠨᠡ ᠵᠢᠯ ᠤᠨ ᠪᠦᠬᠦ ᠬᠤᠲᠠ ᠶᠢᠨ ᠲᠣᠭᠲᠠᠭᠠᠭᠰᠠᠨ ︽ᠭᠤᠣᠯᠳᠠᠯᠭ᠎ᠠ ᠲᠠᠢ ᠲᠥᠷᠥᠯ ᠵᠦᠢᠯ ᠢ 1200 ᠠᠴᠠ ᠳᠡᠭᠡᠭᠰᠢ ᠬᠡᠷᠡᠭᠵᠢᠭᠦᠯᠵᠦ᠂ ᠣᠨ ᠤ ᠲᠥᠯᠥᠪᠯᠡᠭᠡ ᠶᠢᠨ ᠪᠡᠯᠡ ᠣᠷᠣᠭᠤᠯᠤᠯᠲᠠ ᠶᠢ 1700 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠬᠤ︾ ᠵᠢᠱᠢᠭᠰᠡᠨ ᠬᠠᠷᠠᠯᠲᠠ ᠶᠢᠨ ᠲᠣᠭᠤᠷᠢᠨ ᠳᠤ᠂ ᠠᠵᠢᠯ ᠤᠨ ᠲᠥᠰᠦᠯ ᠲᠣᠭᠲᠠᠭᠠᠵᠤ᠂ ᠣᠶᠤᠨ ᠴᠢᠳᠠᠯ ᠢᠶᠠᠨ ᠲᠥᠪᠯᠡᠷᠡᠭᠦᠯᠦᠨ ᠠᠵᠤ ᠦᠢᠯᠡᠳᠪᠦᠷᠢ ᠶᠢᠨ ᠬᠥᠭᠵᠢᠯᠲᠡ ᠶᠢ ᠠᠬᠢᠭᠤᠯᠵᠤ᠂ ᠬᠠᠷᠠᠯᠲᠠ ᠪᠠᠨ ᠨᠣᠷᠮᠠᠵᠢᠭᠤᠯᠵᠤ᠂ ᠠᠬᠢᠴᠠ ᠶᠢ ᠨᠢᠭᠲᠠ ᠮᠥᠷᠳᠡᠬᠦ ᠶᠢᠨ ᠬᠠᠮᠲᠤ ᠰᠢᠨ᠎ᠡ ᠪᠠᠷ ᠨᠡᠮᠡᠭᠳᠡᠭᠰᠡᠨ ᠪᠠᠶᠢᠳᠠᠯ ᠢ ᠴᠢᠩᠭ᠎ᠠ ᠬᠢᠨᠠᠨ ᠰᠢᠯᠭᠠᠬᠤ ᠬᠡᠷᠡᠭᠲᠡᠢ᠃ ᠳᠠᠭᠠᠭᠠᠴᠢᠯᠠᠨ ᠬᠤᠯᠪᠣᠭᠠᠯᠠᠬᠤ ᠪᠣᠳᠠᠲᠤ ᠦᠷ᠎ᠡ ᠪᠦᠲᠦᠮᠵᠢ ᠶᠢ ᠪᠠᠳᠠᠷᠠᠭᠤᠯᠵᠤ᠂ ᠠᠵᠤ ᠠᠬᠤᠶᠢᠯᠠᠯ ᠢ ᠳᠠᠭᠠᠭᠠᠴᠢᠯᠠᠨ ᠬᠤᠯᠪᠣᠭᠠᠯᠠᠬᠤ ᠬᠠᠷᠠᠯᠲᠠ ᠪᠠ ᠡᠭᠦᠷᠭᠡ ᠶᠢ ᠲᠣᠳᠣᠷᠬᠠᠶᠢᠯᠠᠵᠤ᠂ ᠬᠠᠮᠢᠶᠠᠷᠤᠯᠲᠠ ᠶᠢᠨ ᠴᠢᠳᠠᠪᠤᠷᠢ ᠪᠠ ᠠᠵᠤ ᠠᠬᠤᠶᠢᠯᠠᠯ ᠢ ᠵᠠᠰᠠᠬᠤ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ︽ᠬᠦᠰᠡᠭᠰᠡᠨ ᠪᠦᠬᠦᠨ ᠢ ᠨᠢ ᠰᠢᠢᠳᠪᠦᠷᠢᠯᠡᠵᠦ᠂ ᠤᠴᠢᠷ ᠦᠭᠡᠢ ᠪᠣᠯ ᠬᠠᠷᠰᠢᠯᠠᠬᠤ ᠦᠭᠡᠢ︾ ᠪᠠᠶᠢᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠲᠣᠬᠢᠷᠠᠭᠤᠯᠬᠤ ᠠᠵᠢᠯ ᠢ ᠴᠢᠩᠭᠠᠳᠬᠠᠵᠤ᠂ ᠣᠶᠤᠨ ᠴᠢᠳᠠᠯ ᠢᠶᠠᠨ ᠲᠥᠪᠯᠡᠷᠡᠭᠦᠯᠦᠨ ᠬᠤᠮᠠᠬᠢ ᠲᠠᠯ᠎ᠠ ᠶᠢ ᠠᠳᠬᠤᠵᠤ᠂ ᠪᠣᠳᠠᠲᠠᠶ ᠶᠢ ᠠᠳᠬᠤᠵᠤ᠂ ᠪᠣᠳᠠᠲᠠᠶ ᠠᠳᠬᠤᠵᠤ᠂ ᠠᠵᠤ ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠨᠢᠭᠡᠳᠦᠭᠡᠷ ᠹᠷᠣᠨᠲ ᠤᠨ ᠦᠨᠳᠦᠰᠦᠨ ᠱᠠᠲᠤ ᠪᠣᠯᠤᠨ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠪᠠᠭᠤᠵᠤ᠂ ᠠᠵᠤ ᠠᠬᠤᠶᠢᠯᠠᠯ ᠢ ᠬᠠᠪᠰᠤᠷᠤᠨ ᠠᠰᠠᠭᠤᠳᠠᠯ ᠢ ᠨᠢ ᠢᠯᠡᠭᠦᠦ ᠰᠢᠢᠳᠪᠦᠷᠢᠯᠡᠵᠦ᠂ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠶᠢᠴᠢᠯᠠᠨ ᠠᠵᠢᠯ ᠢᠶᠠᠨ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1