ᠪᠣᠣ ᠭᠠᠩ ᠣᠷᠣᠯᠴᠠᠪᠠ | ( ᠰᠤᠷᠪᠤᠯᠵᠢᠯᠠᠭᠴᠢ ᠯᠢᠶᠠᠩ ᠵᠢᠩ ᠱᠤ᠋ ᠳᠠᠳᠤᠯᠭ᠎ᠠ ᠶᠢᠨ ᠰᠤᠷᠪᠤᠯᠵᠢᠯᠠᠭᠴᠢ ᠶᠠᠩ ᠴᠧᠩ ᠬᠤᠤ ) 3 ᠳ᠋ᠤᠭᠠᠷ | ᠰᠠᠷ᠎ᠠ ᠶᠢᠨ 9 ᠤ ᠡᠳᠦᠷ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ | ᠤᠨ ᠨᠥᠬᠦᠷᠯᠡᠯ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠤᠨ ᠡᠮᠨᠡᠯᠭᠡ ᠶᠢᠨ ᠬᠤᠷᠢᠶᠠᠨ ᠤ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ ᠬᠥᠬᠡᠬᠤᠲᠠ ᠳᠤ ᠰᠠᠭᠤᠷᠢ ᠲᠠᠯᠪᠢᠬᠤ ᠶᠣᠰᠣᠯᠠᠯ ᠶᠠᠪᠤᠭᠤᠯᠪᠠ ᠃ ᠲᠣᠰ | ᠲᠥᠷᠥᠯ ᠵᠦᠶᠯ ᠨᠢ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠥᠷᠭᠡᠳᠬᠡᠨ ᠦᠨᠳᠦᠰᠦᠨ ᠱᠠᠲᠤᠨ ᠳᠤ | ᠪᠠᠭᠤᠯᠭᠠᠬᠤ ᠶᠢ ᠬᠦᠴᠦᠲᠡᠶ ᠠᠬᠢᠭᠤᠯᠵᠤ᠂ ᠣᠯᠠᠨ ᠲᠦᠮᠡᠨ ᠤ ᠣᠷᠣᠨ ᠪᠦᠰᠡ ᠠᠯᠤᠰᠯᠠᠨ ᠡᠪᠡᠳᠴᠢᠨ ᠦᠵᠡᠭᠦᠯᠬᠦ | ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠭᠰᠡᠨ ᠢᠶᠠᠷ ᠪᠠᠷᠠᠬᠤ ᠥᠬᠡᠶ ᠪᠠᠰᠠ ᠪᠡᠭᠡᠵᠢᠩ ᠥᠪᠥᠷ ᠮᠣᠩᠭᠤᠯ | ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠮᠠᠨ ᠤ ᠬᠤᠲᠠ ᠶᠢᠨ ᠣᠷᠣᠨ ᠪᠦᠰᠡ ᠶᠢᠨ | ᠡᠮᠴᠢᠯᠡᠭᠡᠨ ᠤ ᠲᠥᠪ ᠢ ᠲᠦᠷᠭᠡᠳᠬᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶᠠᠨ ᠤ ᠱᠦᠵᠢ ᠪᠣᠣ ᠭᠠᠩ ᠣᠷᠣᠯᠴᠠᠭᠰᠠᠨ ᠪᠥᠭᠡᠳ ᠪᠠᠷᠢᠯᠭ᠎ᠠ ᠡᠬᠢᠯᠡᠭᠰᠡᠨ ᠢ ᠵᠠᠷᠯᠠᠵᠤ᠂ ᠪᠡᠭᠡᠵᠢᠩ ᠬᠤᠲᠠ | ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠲᠥᠪ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠳᠡᠳ᠋ ᠡᠷᠬᠢᠯᠡᠭᠴᠢ ᠹᠠᠨ ᠱᠢ ᠮᠢᠨ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢᠦ ᠶᠦᠩ᠂ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ | ᠴᠢᠨᠠᠷᠲᠠᠶ ᠲᠥᠷᠥᠯ ᠵᠦᠶᠯ ᠤᠨ ᠣᠷᠣᠯᠠᠨ ᠪᠠᠶᠢᠭᠤᠯᠬᠤ ᠲᠥᠪ ᠤᠨ ᠡᠷᠬᠢᠯᠡᠭᠴᠢ ᠯᠢᠦ ᠸᠧᠨ ᠢᠦᠢ᠂ ᠨᠡᠶᠢᠰᠯᠡᠯ ᠤᠨ | ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠦᠬᠦᠷᠯᠡᠯ ᠡᠮᠨᠡᠯᠭᠡ ᠶᠢᠨ ᠬᠤᠷᠢᠶᠠᠨ ᠤ | ᠨᠠᠮ ᠤᠨ ᠬᠤᠷᠢᠶᠠᠨ ᠤ ᠳᠡᠳ᠋ ᠱᠦᠵᠢ᠂ ᠬᠤᠷᠢᠶᠠᠨ ᠳᠠᠷᠤᠭ᠎ᠠ ᠵᠠᠩ ᠱᠤ᠋ ᠲᠢᠶᠠᠨ ᠬᠤᠷᠠᠯ ᠳᠤ ᠣᠷᠣᠯᠴᠠᠭᠰᠠᠨ | ᠪᠥᠭᠡᠳ ᠶᠠᠷᠢᠶ᠎ᠠ ᠲᠠᠯᠪᠢᠵᠤ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ | ᠤ ᠪᠠᠶᠢᠩᠭᠤ ᠶᠢᠨ ᠭᠡᠰᠢᠭᠦᠨ᠂ ᠳᠡᠳ᠋ ᠵᠠᠬᠢᠷᠤᠯ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ | ᠶᠢᠨ ᠵᠠᠬᠢᠷᠤᠯ ᠵᠠᠩ ᠴᠧᠨ᠂ ᠬᠤᠲᠠ ᠶᠢᠨ ᠳᠡᠳ᠋ ᠳᠠᠷᠤᠭ᠎ᠠ ᠵᠢᠶᠤᠤ ᠬᠤᠩ ᠣᠷᠣᠯᠴᠠᠵᠠᠶ ᠃ | ᠣᠶᠢᠯᠠᠭᠠᠭᠰᠠᠨ ᠢᠶᠠᠷ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ | ᠤᠨ ᠨᠥᠬᠦᠷᠯᠡᠯ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠪᠣᠯ ᠲᠠᠪᠤᠳᠤᠭᠠᠷ | ᠪᠦᠯᠦᠭ ᠤᠨ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠶᠯ ᠪᠣᠯᠤᠨ᠎ᠠ᠂ ᠰᠠᠶᠢᠬᠠᠨ ᠲᠣᠭᠤᠷᠢᠭ ᠤᠨ ᠰᠢᠯᠠᠷᠳᠠᠢ ᠭᠠᠵᠠᠷ ᠳᠣᠤᠷᠠᠬᠢ ᠲᠡᠮᠦᠷ ᠵᠠᠮ ᠤᠨ ᠥᠷᠲᠡᠭᠡ ᠶᠢᠨ ᠵᠡᠭᠦᠨ | ᠬᠤᠶᠢᠨ᠎ᠠ ᠪᠠᠶᠢᠷᠢᠯᠠᠵᠤ᠂ ᠪᠠᠷᠢᠯᠭ᠎ᠠ ᠶᠢᠨ ᠶᠡᠷᠦᠩᠬᠡᠶ ᠲᠠᠯᠠᠪᠠᠶ ᠨᠢ 191416 ᠲᠡᠭᠰᠢ ᠳᠥᠷᠪᠡᠯᠵᠢᠨ ᠮᠧᠲᠷ ᠪᠠᠶᠢᠵᠤ᠂ | 1000 ᠡᠪᠡᠳᠴᠢᠲᠡᠨ ᠤ ᠣᠷᠣ ᠲᠣᠬᠢᠷᠠᠭᠤᠯᠵᠤ᠂ ᠭᠤᠤᠯᠳᠠᠭᠤ ᠡᠭᠦᠳᠡᠨ ᠡᠮᠨᠡᠯᠭᠡ ᠶᠢᠨ ᠶᠡᠷᠦᠩᠬᠡᠶᠢᠯᠡᠭᠰᠡᠨ ᠠᠰᠠᠷ᠂ | ᠲᠦᠷᠭᠡᠨ ᠡᠮᠨᠡᠯᠭᠡ ᠶᠢᠨ ᠶᠡᠷᠦᠩᠬᠡᠶᠢᠯᠡᠭᠰᠡᠨ ᠠᠰᠠᠷ᠂ ᠡᠪᠡᠳᠴᠢᠲᠡᠨ ᠤ ᠥᠷᠥᠭᠡ ᠶᠢᠨ ᠠᠰᠠᠷ ᠵᠡᠷᠭᠡ ᠶᠢ ᠪᠠᠶᠢᠭᠤᠯᠵᠤ᠂ | ᠵᠢᠱᠢᠯᠲᠡ ᠪᠠᠷ 2027 ᠣᠨ ᠤ ᠡᠴᠦᠰ ᠠᠴᠠ ᠡᠮᠦᠨ᠎ᠡ ᠠᠰᠢᠭᠯᠠᠯᠲᠠ ᠳᠤ ᠣᠷᠣᠭᠤᠯᠤᠨ᠎ᠠ᠃ ᠲᠤᠰ ᠡᠮᠨᠡᠯᠭᠡ ᠶᠢᠨ | ᠬᠤᠷᠢᠶ᠎ᠠ ᠨᠢ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ | ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠵᠠᠭᠪᠤᠷ᠂ ᠰᠢᠨ᠎ᠡ ᠶᠢ ᠡᠭᠦᠳᠬᠦ ᠰᠢᠰᠲ᠋ᠧᠮᠵᠢ ᠪᠣᠯᠤᠨ ᠦᠢᠯᠡᠴᠢᠯᠡᠭᠡᠨ | ᠤ ᠶᠠᠰᠤ ᠴᠢᠨᠠᠷ ᠢᠶᠠᠷ ᠪᠦᠬᠦ ᠲᠠᠯ᠎ᠠ ᠶᠢᠨ ᠪᠠᠷᠢᠮᠵᠢᠶ᠎ᠠ ᠪᠤᠯᠭᠠᠵᠤ᠂ ᠰᠢᠩᠭᠡᠭᠡᠯᠲᠡ᠂ ᠡᠩ ᠤᠨ ᠭᠠᠳᠠᠷ ᠡᠮᠨᠡᠯᠭᠡ᠂ | ᠰᠢᠭᠡᠰᠦ ᠰᠢᠬᠦᠷᠡᠭᠦᠯᠬᠦ ᠵᠡᠷᠭᠡ ᠲᠤᠰᠬᠠᠢ ᠰᠠᠯᠠᠭ᠎ᠠ ᠪᠠᠷ ᠰᠠᠭᠤᠷᠢ ᠪᠣᠯᠭᠠᠭᠰᠠᠨ᠂ ᠪᠤᠰᠤᠳ ᠲᠤᠰᠬᠠᠢ ᠰᠠᠯᠠᠭ᠎ᠠ ᠶᠢ | ᠬᠠᠮᠤᠷᠤᠭᠰᠠᠨ《 3 + N 》 ᠬᠠᠮᠲᠤᠷᠠᠯᠴᠠᠭᠠᠨ ᠤ ᠬᠡᠪ ᠵᠠᠭᠪᠤᠷ ᠢ ᠬᠡᠷᠡᠭᠵᠢᠭᠦᠯᠦᠨ᠎ᠡ᠃ ᠪᠠᠶᠢᠭᠤᠯᠤᠭᠰᠠᠨ ᠤ | ᠳᠠᠷᠠᠭ᠎ᠠ᠂ ᠡᠮᠨᠡᠯᠭᠡ ᠶᠢᠨ ᠬᠤᠷᠢᠶ᠎ᠠ ᠨᠢ ᠥᠪᠥᠷ ᠮᠣᠩᠭᠤᠯ ᠳᠤ ᠰᠠᠭᠤᠷᠢᠯᠠᠬᠤ ᠶᠢᠨ ᠬᠠᠮᠲᠤ ᠮᠠᠨ ᠤ ᠤᠯᠤᠰ ᠤᠨ | ᠳᠤᠮᠳᠠ ᠪᠠᠷᠠᠭᠤᠨ ᠬᠡᠰᠡᠭ ᠤᠨ ᠪᠤᠰᠤᠳ ᠭᠠᠵᠠᠷ ᠣᠷᠣᠨ ᠢ ᠨᠥᠯᠥᠭᠡᠯᠡᠵᠦ᠂ ᠮᠠᠨ ᠤ ᠬᠤᠲᠠ ᠶᠢᠨ ᠣᠨᠴᠠᠯᠢᠭᠲᠤ | ᠲᠤᠰᠬᠠᠶ ᠰᠠᠯᠠᠭᠠᠨ ᠤ ᠡᠮᠴᠢᠯᠡᠭᠡᠨ ᠤ ᠶᠡᠷᠦᠩᠬᠡᠶᠢᠯᠡᠭᠰᠡᠨ ᠦᠶᠯᠡᠴᠢᠯᠡᠭᠡᠨ ᠤ ᠴᠢᠳᠠᠪᠤᠷᠢ ᠶᠢ ᠪᠦᠲᠦᠮᠵᠢᠲᠡᠶ | ᠳᠡᠭᠡᠭᠰᠢᠯᠡᠭᠦᠯᠵᠦ᠂ ᠪᠡᠭᠡᠵᠢᠩ ᠥᠪᠥᠷ ᠮᠣᠩᠭᠤᠯ ᠤᠨ ᠡᠮᠴᠢᠯᠡᠭᠡᠨ ᠤ ᠬᠠᠮᠵᠢᠯᠴᠠᠭ᠎ᠠ ᠶᠢᠨ ᠣᠷᠣᠨ ᠤ ᠲᠥᠪ | ᠬᠤᠲᠠ ᠶᠢᠨ ᠬᠡᠪ ᠳᠠᠭᠤᠷᠢᠶᠠᠯ ᠢ ᠴᠤᠭᠴᠠᠯᠠᠨ᠎ᠠ᠃ |