︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠳᠤ᠂ ᠬᠥᠬᠡᠬᠤᠲᠠ ᠶᠢᠨ ᠭᠤᠣᠯ ᠤᠨ ᠳᠠᠷᠤᠭ᠎ᠠ ᠶᠢᠨ | ᠳᠦᠷᠢᠮ ᠤᠨ ᠠᠯᠪᠠᠨ ᠭᠡᠷ ᠬᠤᠷᠢᠨᠭᠡᠷ ᠰᠢᠶᠠᠨ᠂ ᠰᠠᠶᠢᠬᠠᠨ ᠲᠣᠭᠤᠷᠢᠭ᠂ ᠲᠦᠮᠡᠳ ᠵᠡᠭᠦᠨ ᠬᠤᠰᠢᠭᠤ᠂ ᠢᠦᠢ | ᠴᠢᠤᠸᠠᠨ ᠲᠣᠭᠤᠷᠢᠭ᠂ ᠴᠢᠩ ᠱᠦᠢ ᠾᠧ ᠰᠢᠶᠠᠨ᠂ ᠲᠣᠭᠲᠠᠬᠤ ᠰᠢᠶᠠᠨ ᠳᠤ ᠭᠦᠨᠵᠡᠭᠡᠶᠢᠷᠡᠨ ︽ᠭᠤᠯᠳᠤᠷᠢᠯ | ᠴᠡᠪᠡᠷᠯᠡᠬᠦ ᠠᠵᠢᠯᠯᠠᠭ᠎ᠠ︾ ᠶᠢᠨ ᠲᠤᠰᠬᠠᠢ ᠪᠠᠶᠢᠴᠠᠭᠠᠯᠲᠠ ᠥᠷᠨᠢᠭᠦᠯᠪᠡ᠃ | ᠲᠣᠰ ᠤᠳᠠᠭᠠᠨ ᠤ ᠲᠤᠰᠬᠠᠶ ᠪᠠᠶᠢᠴᠠᠭᠠᠯᠲᠠ ᠨᠢ ᠤᠯᠠᠭᠠᠨᠮᠥ᠋ᠷᠡᠨ᠂ ᠶᠡᠭᠡ ᠲᠦᠷᠭᠡᠨ ᠭᠤᠤᠯ ᠤᠨ ᠭᠤᠤᠯ | ᠭᠤᠯᠳᠤᠷᠢᠯ ᠤᠨ ᠣᠷᠣᠨ ᠤ ᠲᠠᠷᠢᠶᠠᠯᠠᠬᠤ ᠶᠢ ᠴᠠᠭᠠᠵᠠᠯᠠᠬᠤ ᠱᠤᠭᠤᠮ ᠤᠨ ᠪᠠᠶᠢᠷᠢᠯᠠᠭᠤᠯᠤᠯᠲᠠ ᠶᠢᠨ ᠪᠠᠶᠢᠳᠠᠯ ᠢ | ᠭᠤᠤᠯᠳᠠᠯᠭ᠎ᠠ ᠲᠠᠢ ᠪᠠᠶᠢᠴᠠᠭᠠᠨ ᠦᠵᠡᠬᠦ ᠶᠢᠨ ᠬᠠᠮᠲᠤ ᠵᠠᠮ ᠳᠠᠭᠠᠤ ᠵᠢᠷᠤᠭᠠᠰᠤ ᠪᠤᠯᠠᠭᠠᠷᠢ ᠶᠢᠨ ᠶᠠᠰᠤ ᠴᠢᠨᠠᠷ ᠢ | ᠰᠤᠭᠤᠴᠢᠨ ᠪᠠᠶᠢᠴᠠᠭᠠᠪᠠ᠃ ᠪᠠᠶᠢᠴᠠᠭᠠᠭᠰᠠᠨ ᠢᠶᠠᠷ᠂ ᠣᠨᠴᠠ ᠵᠠᠷᠢᠮ ᠭᠠᠵᠠᠷ ᠣᠷᠣᠨ ᠳᠤ ᠬᠥᠭᠦᠷᠭᠡ᠂ ᠬᠡᠰᠡᠭ ᠣᠶ᠂ | ᠵᠢᠭᠠᠰᠤᠨ ᠨᠠᠭᠤᠷ ᠵᠡᠷᠭᠡ ᠤᠰᠤ ᠬᠤᠷᠢᠭᠯᠠᠬᠤ ᠠᠰᠠᠭᠤᠳᠠᠯ ᠣᠷᠣᠰᠢᠵᠤ᠂ ᠲᠤᠬᠠᠶ ᠶᠢᠨ ᠲᠠᠯᠠᠪᠠᠶ ᠳᠤ ᠴᠡᠭᠴᠡᠯᠡᠨ | ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃ ᠡᠨᠡ ᠬᠤᠭᠤᠴᠠᠭᠠᠨ ᠳᠤ᠂ ᠬᠠᠮᠢᠶ᠎ᠠ ᠪᠥᠬᠦᠶ ᠬᠤᠰᠢᠭᠤ ᠰᠢᠶᠠᠨ | ᠲᠣᠭᠤᠷᠢᠭ ᠤᠨ ︽ᠭᠤᠯᠳᠤᠷᠢᠯ ᠴᠡᠪᠡᠷᠯᠡᠬᠦ ᠠᠵᠢᠯᠯᠠᠭ᠎ᠠ︾ ᠶᠢ ᠠᠬᠢᠭᠤᠯᠤᠭᠰᠠᠨ ᠪᠠᠶᠢᠳᠠᠯ ᠤᠨ ᠲᠤᠬᠠᠶ ᠲᠤᠰᠬᠠᠶ | ᠰᠡᠳᠦᠪᠲᠦ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ᠂ | ᠲᠠᠷᠢᠶᠠᠯᠠᠬᠤ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠲᠠᠷᠢᠶᠠᠯᠠᠬᠤ ᠶᠢ ᠴᠠᠭᠠᠵᠠᠯᠠᠬᠤ ᠵᠠᠷᠯᠢᠭ | ᠳᠠᠷᠤᠮᠠᠯᠯᠠᠨ ᠲᠠᠷᠬᠠᠭᠠᠭᠰᠠᠨ᠂ ᠲᠠᠷᠢᠶᠠᠯᠠᠬᠤ ᠶᠢ ᠴᠠᠭᠠᠵᠠᠯᠠᠬᠤ ᠱᠤᠭᠤᠮ ᠤᠨ ᠳᠣᠲᠣᠷᠠᠬᠢ ᠭᠠᠵᠠᠷ ᠤᠨ ᠰᠠᠭᠤᠷᠢ ᠲᠤᠭ᠎ᠠ | ᠵᠢᠴᠢ ᠡᠷᠬᠡ ᠶᠢ ᠨᠤᠲᠠᠯᠠᠨ ᠲᠣᠭᠲᠠᠭᠠᠭᠰᠠᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ | ᠠᠯᠬᠤᠮ ᠤᠨ ᠠᠵᠢᠯ ᠤᠨ ᠲᠣᠬᠢᠷᠠᠭᠤᠯᠤᠯᠲᠠ ᠵᠡᠷᠭᠡ ᠪᠠᠶᠢᠳᠠᠯ ᠢ ᠭᠤᠤᠯᠳᠠᠯᠭ᠎ᠠ ᠲᠠᠢ ᠣᠶᠢᠯᠠᠭᠠᠪᠠ᠃ | ᠬᠤᠲᠠ ᠶᠢᠨ ᠭᠤᠤᠯ ᠤᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠠᠴᠠ᠂ ᠡᠯ᠎ᠡ ᠬᠤᠰᠢᠭᠤ ᠰᠢᠶᠠᠨ | ᠲᠣᠭᠤᠷᠢᠭ ᠤᠨ ᠭᠤᠤᠯ ᠤᠨ ᠳᠠᠷᠤᠭ᠎ᠠ ᠶᠢᠨ ᠠᠯᠪᠠᠨ ᠬᠡᠷ ᠲᠦᠷᠦᠭᠦᠯᠡᠵᠦ ᠶᠡᠷᠦᠩᠬᠡᠶᠢᠯᠡᠨ ᠠᠳᠬᠤᠵᠤ᠂ ᠬᠢᠨᠠᠨ | ᠵᠢᠯᠣᠭᠤᠳᠴᠤ ᠪᠠᠶᠢᠴᠠᠭᠠᠬᠤ ᠪᠠ ᠬᠠᠷᠢᠭᠤ ᠮᠡᠳᠡᠭᠦᠯᠬᠦ ᠠᠵᠢᠯ ᠢ ᠰᠠᠶᠢᠲᠤᠷ ᠬᠢᠵᠦ᠂ ᠭᠤᠤᠯᠳᠠᠯᠭ᠎ᠠ ᠲᠠᠢ ᠬᠦᠴᠢᠷ | ᠠᠰᠠᠭᠤᠳᠠᠯ ᠢ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ | ᠠᠰᠢᠭᠲᠠᠶ ᠴᠠᠭ ᠲᠣᠬᠢᠶᠠᠯ ᠢ ᠰᠠᠶᠢᠲᠤᠷ ᠠᠳᠬᠤᠵᠤ᠂ ᠤᠬᠠᠭᠤᠯᠵᠤ ᠬᠥᠲᠥᠯᠦᠨ ᠵᠢᠯᠣᠭᠤᠳᠬᠤ ᠠᠵᠢᠯ ᠢ | ᠴᠢᠩᠭᠠᠳᠬᠠᠵᠤ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠲᠠᠷᠢᠶᠠᠯᠠᠬᠤ ᠶᠢ ᠴᠠᠭᠠᠵᠠᠯᠠᠬᠤ ᠲᠥᠷᠥ ᠶᠢᠨ | ᠪᠣᠳᠣᠯᠭ᠎ᠠ ᠶᠢ ᠡᠷᠦᠬᠡ ᠪᠣᠯᠭᠠᠨ ᠳᠤ ᠮᠡᠳᠡᠭᠦᠯᠬᠦ ᠶᠢ ᠦᠨᠡᠨ ᠬᠦ ᠪᠠᠲᠤᠯᠠᠵᠤ᠂ ᠨᠠᠩ ᠪᠣᠳᠠᠲᠠᠶ ᠠᠷᠭ᠎ᠠ ᠬᠡᠮᠵᠢᠶ᠎ᠡ᠂ ᠨᠠᠩ | ᠶᠡᠭᠡ ᠡᠷᠴᠢᠮ ᠢᠶᠠᠷ ︽ᠭᠤᠯᠳᠤᠷᠢᠯ ᠴᠡᠪᠡᠷᠯᠡᠬᠦ ᠠᠵᠢᠯᠯᠠᠭ᠎ᠠ︾ ᠶᠢᠨ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ | ᠬᠤᠭᠤᠴᠠᠭᠠᠨ ᠳᠤ ᠴᠢᠨᠠᠷ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠵᠠᠢ᠃ | |