ᠭᠦᠭᠡᠬᠤᠳᠠ ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ | ᠠᠴᠠ ᠣᠶᠢᠯᠠᠭᠠᠭᠰᠠᠨ ᠢᠶᠠᠷ᠂ ᠭᠦᠭᠡᠬᠤᠲᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ ᠤᠳᠤ ᠦᠶ᠎ᠡ ᠶᠢᠨ | ᠣᠨᠴᠠᠯᠢᠭᠲᠤ ᠲᠠᠷᠢᠶᠠᠯᠠᠩ ᠢ ᠶᠡᠭᠡ ᠪᠠᠷ ᠬᠥᠭᠵᠢᠭᠦᠯᠵᠦ᠂ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ | ᠪᠦᠲᠦᠭᠡᠭᠳᠡᠬᠦᠨ ᠢ ᠡᠷᠴᠢᠮᠲᠡᠢ ᠨᠡᠭᠡᠭᠡᠨ ᠬᠥᠭᠵᠢᠭᠦᠯᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ | ᠴᠢᠳᠠᠪᠤᠷᠢ ᠪᠣᠯᠣᠨ ᠬᠡᠪᠴᠢᠶᠡᠵᠢᠭᠰᠡᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠤ ᠪᠠᠶᠢᠨ᠎ᠠ᠃ | ᠭᠦᠭᠡᠬᠤᠳᠠ ᠶᠢᠨ ᠲᠦᠮᠡᠳ ᠵᠡᠭᠦᠨ ᠬᠤᠰᠢᠭᠤᠨ ᠤ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠲᠣᠭᠤᠷᠢᠭ ᠤᠨ ᠠᠯᠳᠠᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ | ᠬᠢᠵᠠᠭᠠᠷᠲᠤ ᠺᠤᠮᠫᠠᠨᠢ ᠶᠢᠨ ᠳᠤᠯᠠᠭᠠᠨ ᠬᠦᠯᠡᠮᠵᠢ ᠳᠠᠬᠢ ︽ᠵᠢᠶᠠ ᠰᠢ ᠨᠠ︾ ᠲᠥᠪᠡᠳ ᠬᠠᠰᠢ ᠶᠢᠨ ᠤᠷᠭᠤᠴᠠ ᠮᠠᠰᠢ | ᠰᠠᠶᠢᠨ ᠪᠠᠶᠢᠵᠤ᠂ ᠬᠠᠷᠠᠭᠰᠠᠨ ᠪᠦᠭᠦᠨ ᠤ ᠬᠠᠷᠠᠭ᠎ᠠ ᠶᠢ ᠪᠠᠶᠠᠰᠬᠠᠨ᠎ᠠ᠃ ᠣᠶᠢᠯᠠᠭᠠᠭᠰᠠᠨ ᠢᠶᠠᠷ᠂ ᠲᠤᠰ ᠡᠭᠦᠯᠳᠡᠷ ᠤᠨ | ᠲᠥᠪᠡᠳ ᠬᠠᠰᠢ ᠶᠢᠨ ᠭᠡᠯᠪᠡᠷᠢ ᠨᠢ ᠰᠠᠶᠢᠬᠠᠨ ᠪᠥᠭᠡᠳ ᠢᠳᠡᠬᠦ ᠳᠤ ᠠᠮᠲᠠᠲᠠᠢ ᠪᠠᠶᠢᠳᠠᠭ ᠪᠣᠯᠬᠤᠷ ᠵᠢᠩ ᠳᠡᠭᠡᠨ 15 | ᠲᠥᠭᠦᠷᠢᠭ ᠲᠤ ᠬᠦᠷᠴᠦ᠂ ᠠᠯᠳᠠᠨ ᠺᠤᠮᠫᠠᠨᠢ ᠶᠢᠨ ᠬᠢᠨ ︽ᠰᠠᠭᠤᠷᠢᠨ + ᠲᠠᠷᠢᠶᠠᠯᠠᠬᠤ ᠡᠷᠦᠭᠡ︾ ᠶᠢᠨ ᠵᠠᠭᠪᠤᠷ ᠢᠶᠠᠷ | ᠲᠤᠰ ᠡᠭᠦᠯᠳᠡᠷ ᠤᠨ ᠲᠥᠪᠡᠳ ᠬᠠᠰᠢ ᠶᠢ ᠵᠢᠯ ᠤᠨ ᠳᠦᠷᠪᠡᠨ ᠤᠯᠠᠷᠢᠯ ᠢᠶᠠᠷ ᠲᠠᠷᠢᠵᠤ᠂ ᠵᠢᠯ ᠤᠨ 10 ᠲᠦᠮᠡ | ᠭᠠᠷᠤᠢ ᠺᠢᠯᠦᠭᠷᠠᠮ ᠲᠥᠪᠡᠳ ᠬᠠᠰᠢ ᠬᠤᠷᠢᠶᠠᠨ ᠪᠣᠷᠣᠯᠠᠭᠤᠯᠵᠤ ᠪᠤᠢ᠃ | ᠣᠶᠢᠷ᠎ᠠ ᠶᠢᠨ ᠵᠢᠯ ᠳᠤ ᠲᠦᠮᠡᠳ ᠵᠡᠭᠦᠨ ᠬᠤᠰᠢᠭᠤ ᠭᠠᠵᠠᠷ ᠣᠷᠣᠨ ᠤ ᠪᠣᠳᠠᠲᠤ ᠪᠠᠶᠢᠳᠠᠯ ᠢᠶᠠᠨ | ᠦᠨᠳᠦᠰᠦᠯᠡᠨ ᠲᠥᠬᠦᠭᠡᠷᠦᠮᠵᠢᠲᠦ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠦᠨ | ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠪᠠ ᠬᠡᠪᠴᠢᠶᠡᠵᠢᠭᠰᠡᠨ ᠦᠷ᠎ᠡ ᠠᠰᠢᠭ ᠢ | ᠳᠡᠭᠡᠭᠰᠢᠯᠡᠭᠦᠯᠵᠤ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ | ᠲᠣᠭᠤᠷᠢᠭ ᠨᠢ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠤᠳᠤ ᠦᠶ᠎ᠡ ᠶᠢᠨ ᠮᠠᠯ ᠠᠵᠤ ᠠᠬᠤᠢ | ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢᠶᠠᠷ ᠦᠨᠡᠯᠡᠭᠳᠡᠪᠡ᠃ ᠲᠤᠰ ᠬᠦᠷᠢᠶᠡᠯᠡᠩ ᠲᠣᠭᠤᠷᠢᠭ | ᠨᠢ 6 ᠰᠢᠶᠠᠩ ᠪᠠᠯᠭᠠᠰᠤᠨ ᠤ 265.3 ᠲᠦᠮᠡᠨ ᠮᠦ ᠶᠢᠨ ᠭᠠᠵᠠᠷ ᠢ ᠡᠵᠡᠯᠡᠵᠦ᠂ ︽ᠨᠢᠭᠡ ᠲᠡᠩᠭᠡᠯᠢᠭ᠂ ᠬᠤᠶᠠᠷ | ᠭᠤᠣᠯᠳᠠᠯᠭ᠎ᠠ᠂ ᠲᠠᠪᠤᠨ ᠲᠣᠭᠤᠷᠢᠭ᠂ ᠣᠯᠠᠨ ᠰᠠᠭᠤᠷᠢᠨ︾ ᠤ ᠶᠡᠷᠦᠩᠬᠡᠢ ᠪᠠᠶᠢᠷᠢᠰᠢᠭᠤᠯᠤᠯᠲᠠ ᠶᠢ ᠪᠦᠷᠢᠯᠳᠦᠭᠦᠯᠦᠨ᠂ | ᠵᠢᠶᠠ ᠱᠢ ᠦᠵᠦᠮ᠂ ᠬᠤᠷᠢᠨ ᠲᠣᠰᠬᠤᠨ ᠤ ᠨᠠᠪᠴᠢᠯᠢᠭ ᠨᠣᠭᠤᠭ᠎ᠠ᠂ ᠰᠠᠶᠢᠨᠪᠤᠯᠠᠭ ᠤᠨ ᠬᠡᠮᠬᠡ ᠵᠡᠷᠭᠡ ᠨᠢᠭᠡ ᠪᠦᠯᠦᠭ | ᠴᠢᠨᠠᠷ ᠰᠠᠶᠢᠲᠠᠢ ᠣᠨᠴᠠᠯᠢᠭᠲᠤ ᠪᠦᠲᠦᠭᠡᠭᠳᠡᠬᠦᠨ ᠲᠠᠢ ᠪᠣᠯᠵᠤ᠂ ᠭᠦᠭᠡᠬᠤᠲᠠ ᠶᠢᠨ ᠲᠠᠷᠢᠶᠠᠯᠠᠩ ᠤᠨ ᠦᠢᠯᠡᠰ ᠤᠨ | ᠰᠢᠨ᠎ᠡ ᠶᠢ ᠡᠭᠦᠳᠬᠦ ᠥᠨᠳᠦᠷᠯᠢᠭ ᠪᠣᠯᠵᠤ ᠪᠠᠶᠢᠨ᠎ᠠ᠃ | ᠲᠦᠮᠡᠳ ᠵᠡᠭᠦᠨ ᠬᠤᠰᠢᠭᠤᠨ ᠤ ᠨᠢᠳᠤᠨᠤᠨ ᠤ 10 ᠰᠠᠷ᠎ᠠ ᠳᠤ ᠪᠠᠷᠢᠯᠭ᠎ᠠ ᠡᠬᠢᠯᠡᠭᠦᠯᠦᠭᠰᠡᠨ ᠣᠲᠣ ᠦᠶ᠎ᠡ | ᠶᠢᠨ ᠲᠠᠷᠢᠶᠠᠯᠠᠩ ᠤᠨ ᠣᠶᠤᠨᠴᠢ ᠬᠦᠯᠡᠮᠵᠢ ᠶᠢᠨ ᠲᠥᠷᠥᠯ ᠵᠦᠢᠯ ᠨᠢ 267 ᠮᠦ ᠶᠢᠨ ᠭᠠᠵᠠᠷ ᠡᠵᠡᠯᠡᠵᠦ᠂ ᠶᠡᠷᠦᠩᠬᠡᠢ | ᠪᠡᠯᠡ ᠣᠷᠣᠭᠤᠯᠤᠯᠲᠠ ᠨᠢ 3.45 ᠳ᠋ᠦᠩᠰᠢᠭᠤᠷ ᠲᠥᠭᠦᠷᠢᠭ ᠲᠤ ᠬᠦᠷᠴᠦ᠂ ᠡᠨᠡ ᠵᠢᠯ ᠤᠨ ᠡᠴᠦᠰ ᠲᠤ | ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠤᠶ᠃ ︽ᠲᠥᠷᠥᠯ ᠵᠦᠢᠯ ᠠᠰᠢᠭᠯᠠᠯᠲᠠ ᠳᠤ ᠣᠷᠣᠭᠰᠠᠨ ᠤ | ᠳᠠᠷᠠᠭ᠎ᠠ ᠲᠥᠪᠡᠳ ᠬᠠᠰᠢ ᠶᠢᠨ ᠴᠢᠬᠢ ᠪᠣᠶᠢᠵᠢᠭᠤᠯᠬᠤ ᠲᠥᠪ᠂ ᠦᠢᠯᠡᠳᠪᠦᠷᠢᠯᠡᠯ ᠤᠨ ᠲᠥᠪ᠂ ᠢᠯᠭᠠᠨ ᠪᠣᠭᠤᠳᠠᠯᠯᠠᠬᠤ | ᠲᠥᠪ᠂ ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠨ ᠬᠦᠷᠭᠡᠬᠦ ᠲᠥᠪ ᠢ ᠪᠠᠶᠢᠭᠤᠯᠵᠤ᠂ | ᠴᠢᠬᠢ ᠪᠣᠶᠢᠵᠢᠭᠤᠯᠬᠤ᠂ ᠦᠢᠯᠡᠳᠪᠦᠷᠢᠯᠡᠬᠦ᠂ ᠡᠳ᠋ᠰᠢᠭᠦᠯᠦᠨ ᠪᠤᠯᠪᠠᠰᠤᠷᠠᠭᠤᠯᠬᠤ ᠪᠠ ᠪᠣᠷᠣᠯᠠᠭᠤᠯᠬᠤ ᠪᠦᠭᠦ ᠠᠵᠤ | ᠦᠢᠯᠡᠰ ᠤᠨ ᠬᠡᠯᠬᠢᠶ᠎ᠡ ᠶᠢ ᠪᠦᠭᠦ ᠬᠦᠴᠦᠨ ᠢᠶᠠᠷ ᠴᠣᠭᠴᠠᠯᠠᠨ᠂ ᠠᠵᠤ ᠦᠢᠯᠡᠰᠵᠢᠭᠰᠡᠨ ᠬᠡᠪᠴᠢᠶᠡᠵᠢᠭᠰᠡᠨ ᠣᠲᠣ | ᠦᠶ᠎ᠡ ᠶᠢᠨ ᠣᠶᠤᠨᠴᠢ ᠲᠠᠷᠢᠶᠠᠯᠠᠩ ᠤᠨ ᠵᠠᠭᠪᠤᠷ ᠢ ᠪᠦᠷᠢᠯᠳᠦᠭᠦᠯᠬᠦ ᠪᠣᠯᠣᠨ᠎ᠠ︾ ᠭᠡᠵᠦ ᠠᠯᠲᠠᠨ ᠬᠢᠵᠠᠭᠠᠷᠲᠤ ᠺᠤᠮᠫᠠᠨᠢ | ᠶᠢᠨ ᠲᠥᠬᠦᠭᠡᠷᠦᠮᠵᠢᠲᠦ ᠲᠠᠷᠢᠶᠠᠯᠠᠩ ᠤᠨ ᠭᠠᠵᠠᠷ ᠤᠨ ᠬᠠᠷᠢᠭᠤᠴᠠᠯᠭᠠᠲᠠᠨ ᠲᠢᠶᠠᠨ ᠶᠧ ᠶᠠᠷᠢᠵᠤ ᠪᠠᠶᠢᠯ᠎ᠠ᠃ |