︵ᠰᠤᠷᠪᠤᠯᠵᠢᠯᠠᠭᠴᠢ ᠦ᠋ ᠽᠢ ᠰᠢᠥᠸᠠᠨ︶ 3 ᠳ᠋ᠤᠭᠠᠷ ᠰᠠᠷ᠎ᠠ ᠶᠢᠨ 14 ᠤ ᠡᠳᠦᠷ ᠰᠤᠷᠪᠤᠯᠵᠢᠯᠠᠭᠴᠢ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠣᠶᠢᠯᠠᠭᠠᠭᠰᠠᠨ ᠢᠶᠠᠷ᠂ 2024 ᠣᠨ ᠳᠤ | ᠬᠥᠬᠡᠬᠤᠲᠠ ᠳᠤ ᠰᠢᠨ᠎ᠡ ᠪᠠᠷ 5 ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠨᠡᠮᠡᠭᠳᠡᠵᠦ᠂ ᠨᠡᠶᠢᠲᠡ 9 | ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠢ ᠪᠠᠶᠢᠭᠤᠯᠵᠤ ᠳᠠᠭᠤᠰᠬᠠᠪᠠ ︵ᠳᠡᠭᠡᠳᠦ ᠰᠤᠷᠭᠠᠭᠤᠯᠢ ᠲᠠᠢ | ᠬᠠᠮᠲᠤᠷᠠᠨ ᠪᠠᠶᠢᠭᠤᠯᠤᠭᠰᠠᠨ ᠨᠢᠭᠡ ᠶᠢ ᠪᠠᠭᠲᠠᠭᠠᠨ᠎ᠠ︶ ᠃ ᠣᠳᠣᠬᠠᠨ ᠳᠤ ᠶᠠᠭ 61 ᠬᠦᠷᠢᠶᠡᠯᠡᠩ ᠢ | ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ ᠪᠠᠶᠢᠨ᠎ᠠ᠃ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠤᠨ ᠠᠵᠢᠯ ᠨᠡᠯᠢᠶᠡᠳ ᠣᠷᠣᠢ | ᠡᠬᠢᠯᠡᠭᠰᠡᠨ ᠪᠣᠯᠪᠠᠴᠤ ᠠᠬᠢᠴᠠ ᠲᠦᠷᠭᠡᠨ ᠪᠠᠶᠢᠵᠤ᠂ 2022 ᠣᠨ ᠳᠤ ᠠᠩᠬ᠎ᠠ 4 ᠵᠥᠪᠰᠢᠶᠡᠷᠡᠭᠳᠡᠭᠰᠡᠨ ᠠᠴᠠ | ᠤᠳᠤ ᠪᠣᠯᠲᠠᠯ᠎ᠠ 9 ᠪᠣᠯᠵᠤ᠂ ᠢᠯᠡᠳᠲᠡ ᠠᠮᠵᠢᠯᠲᠠ ᠣᠯᠵᠠᠢ᠃ ᠡᠨᠡ 9 ᠰᠢᠨᠵᠢᠯᠡᠬᠦ ᠤᠬᠠᠭᠠᠨ ᠮᠡᠷᠭᠡᠵᠢᠯ ᠤᠨ | ᠵᠢᠵᠢᠭ ᠬᠦᠷᠢᠶᠡᠯᠡᠩ ᠨᠢ᠄ ᠥᠪᠥᠷ ᠮᠣᠩᠭᠤᠯ ᠤᠨ ᠦᠴᠤᠸᠠᠨ ᠰᠢᠶᠠᠨ ᠤ ᠨᠣᠬᠠᠶ ᠶᠢᠨ ᠬᠤᠰᠢᠭᠤ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ᠂ ᠥᠪᠥᠷ ᠮᠣᠩᠭᠤᠯ ᠤᠨ ᠦᠴᠤᠸᠠᠨ ᠰᠢᠶᠠᠨ ᠤ ᠨᠣᠶᠢᠯ ᠪᠤᠭᠤᠳᠠᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ᠂ ᠥᠪᠥᠷ ᠮᠣᠩᠭᠤᠯ ᠤᠨ ᠬᠤᠷᠢᠨᠬᠡᠷ ᠰᠢᠶᠠᠨ ᠤ | ᠰᠠᠭᠠᠯᠢ ᠶᠢᠨ ᠢᠮᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ᠂ ᠥᠪᠥᠷ ᠮᠣᠩᠭᠤᠯ ᠤᠨ | ᠲᠦᠮᠡᠳ ᠵᠡᠭᠦᠨ ᠬᠤᠰᠢᠭᠤᠨ ᠤ ᠰᠠᠭᠠᠯᠢ ᠶᠢᠨ ᠦᠨᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ | ᠂ ᠥᠪᠥᠷ ᠮᠣᠩᠭᠤᠯ ᠤᠨ ᠲᠣᠭᠲᠠᠬᠤ ᠰᠢᠶᠠᠨ ᠤ ᠦᠵᠦᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ | ᠬᠦᠷᠢᠶᠡᠯᠡᠩ᠂ ᠥᠪᠥᠷ ᠮᠣᠩᠭᠤᠯ ᠤᠨ ᠴᠢᠩ ᠱᠦᠢ ᠾᠧ ᠰᠢᠶᠠᠨ ᠤ ᠪᠤᠭᠤᠳᠠᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠵᠢᠵᠢᠭ ᠬᠦᠷᠢᠶᠡᠯᠡᠩ᠂ ᠥᠪᠥᠷ ᠮᠣᠩᠭᠤᠯ ᠤᠨ ᠦᠴᠤᠸᠠᠨ ᠰᠢᠶᠠᠨ ᠤ ᠲᠥᠮᠥᠰᠥ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ᠂ ᠥᠪᠥᠷ ᠮᠣᠩᠭᠤᠯ ᠤᠨ ᠲᠦᠮᠡᠳ ᠵᠡᠭᠦᠨ ᠬᠤᠰᠢᠭᠤᠨ ᠤ ᠡᠷᠳᠡᠨᠢ | ᠰᠢᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠪᠠ ᠥᠪᠥᠷ ᠮᠣᠩᠭᠤᠯ ᠤᠨ ᠲᠣᠭᠲᠠᠬᠤ | ᠰᠢᠶᠠᠨ ᠤ ᠲᠡᠵᠢᠭᠡᠯ ᠡᠪᠡᠰᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ︵ᠲᠣᠰ ᠵᠢᠵᠢᠭ | ᠬᠦᠷᠢᠶᠡᠯᠡᠩ ᠢ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠪᠠ ᠥᠪᠥᠷ ᠮᠣᠩᠭᠤᠯ ᠤᠨ ᠣᠲᠣ | ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠤᠳᠤᠯᠭᠠᠨ ᠤ ᠬᠦᠷᠢᠶᠡᠯᠡᠩ ᠬᠠᠮᠲᠤᠷᠠᠨ ᠪᠠᠶᠢᠭᠤᠯᠵᠤ᠂ ᠬᠦᠷᠢᠶᠡᠯᠡᠩ | ᠶᠡᠭᠡ ᠰᠤᠷᠭᠠᠭᠤᠯᠢ ᠬᠠᠮᠲᠤᠷᠠᠨ ᠪᠠᠶᠢᠭᠤᠯᠤᠭᠰᠠᠨ ᠰᠢᠨᠵᠢ ᠴᠢᠨᠠᠷ ᠲᠠᠢ︶ ᠵᠡᠷᠭᠡ ᠪᠣᠢ᠃ ᠣᠳᠣᠬᠠᠨ ᠳᠤ᠂ ᠰᠢᠨᠵᠢᠯᠡᠬᠦ | ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠳᠤ ᠲᠡᠷᠢᠭᠦᠨ ᠲᠤᠰᠬᠠᠶ ᠮᠡᠷᠭᠡᠵᠢᠯᠲᠡᠨ 9 ᠬᠥᠮᠦᠨ᠂ ᠪᠤᠰᠤᠳ | ᠲᠤᠰᠬᠠᠶ ᠮᠡᠷᠭᠡᠵᠢᠯᠲᠡᠨ 47 ᠬᠥᠮᠦᠨ᠂ ᠠᠰᠫᠢᠷᠠᠨᠲ 43 ᠬᠥᠮᠦᠨ ᠪᠠᠶᠢᠨ᠎ᠠ᠃ | ᠠᠩᠬᠠᠨ ᠤ ᠲᠤᠷᠰᠢᠨ ᠪᠦᠲᠦᠭᠡᠨ ᠪᠠᠶᠢᠭᠤᠯᠬᠤ ᠠᠴᠠ ᠣᠳᠣ ᠦᠶ᠎ᠡ ᠶᠢᠨ ᠪᠦᠬᠦ ᠲᠠᠯ᠎ᠠ ᠪᠠᠷ ᠥᠷᠨᠢᠬᠦ ᠬᠦᠷᠲᠡᠯ᠎ᠡ | ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠲᠡᠷᠢᠭᠦᠨ ᠤ ᠲᠠᠷᠢᠶᠠᠯᠠᠩ ᠤᠨ | ᠮᠡᠷᠭᠡᠵᠢᠯ ᠢ ᠤᠷᠤᠭᠤᠯᠬᠤ᠂ ᠰᠢᠯᠢᠳᠡᠭ ᠡᠭᠦᠯᠳᠡᠷ ᠢ ᠪᠤᠶᠢᠵᠢᠭᠤᠯᠬᠤ᠂ ᠥᠨᠳᠥᠷ ᠦᠷ᠎ᠡ ᠠᠰᠢᠭᠲᠤ ᠲᠠᠷᠢᠵᠤ ᠲᠡᠵᠢᠭᠡᠨ | ᠦᠷᠡᠵᠢᠭᠦᠯᠬᠦ ᠵᠠᠭᠪᠤᠷ ᠢ ᠳᠡᠯᠭᠡᠷᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠲᠤᠬᠠᠢ ᠶᠢᠨ ᠭᠠᠵᠠᠷ ᠤᠨ ᠲᠠᠷᠢᠶᠠᠯᠠᠩ ᠤᠨ | ᠦᠢᠯᠡᠳᠪᠦᠷᠢᠯᠡᠯ ᠤᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠬᠦ ᠶᠢᠨ ᠬᠠᠮᠲᠤ ᠲᠠᠷᠢᠶᠠᠴᠢᠳ ᠤᠨ | ᠮᠡᠷᠭᠡᠵᠢᠯ ᠤᠨ ᠪᠣᠯᠪᠠᠰᠣᠷᠠᠭᠤᠯᠤᠯ ᠢ ᠢᠳᠡᠪᠬᠢᠲᠡᠢ ᠴᠢᠩᠭᠠᠳᠬᠠᠵᠤ᠂ ᠲᠠᠷᠢᠶᠠᠴᠢᠳ ᠢ ᠬᠠᠪᠰᠤᠷᠤᠨ ᠣᠳᠣ ᠦᠶ᠎ᠡ ᠶᠢᠨ | ᠲᠠᠷᠢᠶᠠᠯᠠᠩ ᠤᠨ ᠮᠡᠷᠭᠡᠵᠢᠯ ᠢ ᠡᠵᠡᠮᠰᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ 2024 ᠣᠨ ᠳᠤ᠂ ᠥᠪᠥᠷ ᠮᠣᠩᠭᠤᠯ ᠤᠨ ᠦᠴᠤᠸᠠᠨ ᠰᠢᠶᠠᠨ ᠤ ᠨᠣᠶᠢᠯ ᠪᠤᠭᠤᠳᠠᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠨᠢ ᠳᠤᠮᠳᠠᠳᠤ ᠤᠯᠤᠰ ᠤᠨ ᠲᠠᠷᠢᠶᠠᠯᠠᠩ ᠤᠨ ᠮᠡᠷᠭᠡᠵᠢᠯ ᠤᠨ | ᠨᠡᠶᠢᠭᠡᠮᠯᠢᠭ ᠲᠤ ︽ᠬᠠᠮᠤᠭ ᠤᠨ ᠰᠠᠶᠢᠬᠠᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ︾ ᠢᠶᠠᠷ | ᠦᠨᠡᠯᠡᠭᠳᠡᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ ᠲᠤ ︽ᠰᠢᠨᠵᠢᠯᠡᠬᠦ ᠤᠬᠠᠭᠠᠨ | ᠮᠡᠷᠭᠡᠵᠢᠯ ᠤᠨ ᠰᠢᠯᠢᠳᠡᠭ ᠵᠢᠵᠢᠭ ᠬᠦᠷᠢᠶᠡᠯᠡᠩ︾ ᠢᠶᠠᠷ ᠦᠨᠡᠯᠡᠭᠳᠡᠪᠡ᠃ | ᠣᠳᠣᠬᠠᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠨᠢ ᠨᠢᠭᠡᠨᠲᠡ ᠬᠥᠬᠡᠬᠤᠲᠠ ᠶᠢᠨ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠨᠢᠭᠡᠨ ᠰᠠᠶᠢᠬᠠᠨ ᠨᠡᠷ᠎ᠡ ᠶᠢᠨ ᠬᠠᠭᠤᠳᠠᠰᠤ | ᠪᠣᠯᠤᠭᠰᠠᠨ ᠪᠠᠶᠢᠨ᠎ᠠ᠃ 2024 ᠣᠨ ᠤ ᠡᠴᠦᠰ ᠪᠣᠯᠲᠠᠯ᠎ᠠ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠵᠢᠵᠢᠭ ᠬᠦᠷᠢᠶᠡᠯᠡᠩ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠨᠡᠶᠢᠲᠡ 23 ᠪᠠᠶᠢᠭᠤᠯᠵᠤ᠂ | ᠲᠤᠷᠰᠢᠯᠲᠠ ᠶᠢᠨ ᠲᠠᠯᠠᠪᠠᠶ 11155 ᠮᠥ᠂ ᠮᠡᠷᠭᠡᠵᠢᠯ ᠤᠨ ᠨᠥᠯᠥᠭᠡᠯᠡᠬᠦ ᠲᠠᠯᠠᠪᠠᠶ 131000 ᠮᠥ ᠪᠠᠶᠢᠵᠤ᠂ | ᠮᠡᠷᠭᠡᠵᠢᠯ ᠢᠶᠠᠷ ᠨᠦᠯᠦᠭᠡᠯᠡᠭᠰᠡᠨ ᠲᠠᠷᠢᠶᠠᠴᠢᠨ ᠡᠷᠦᠬᠡ ᠨᠡᠶᠢᠲᠡ 700 ᠭᠠᠷᠤᠶ ᠡᠷᠦᠬᠡ ᠪᠣᠯᠪᠠ᠃ ᠲᠠᠷᠢᠶᠠᠴᠢᠳ ᠢ | ᠵᠣᠬᠢᠶᠠᠨ ᠪᠠᠶᠢᠭᠤᠯᠤᠨ 55 ᠲᠠᠯᠠᠪᠤᠷ ᠤᠳᠠᠭ᠎ᠠ ᠪᠣᠯᠪᠠᠰᠤᠷᠠᠯ ᠬᠦᠷᠲᠡᠭᠡᠵᠦ᠂ 7960 ᠭᠠᠷᠤᠶ ᠬᠥᠮᠦᠨ ᠤᠳᠠᠭ᠎ᠠ | ᠪᠣᠯᠪᠠᠰᠤᠷᠠᠭᠤᠯᠤᠯ ᠳᠤ ᠣᠷᠣᠯᠴᠠᠭᠤᠯᠵᠤ᠂ ᠮᠡᠷᠭᠡᠵᠢᠯ ᠤᠨ ᠵᠢᠯᠣᠭᠤᠳᠣᠯᠭ᠎ᠠ ᠬᠢᠭᠡᠳ ᠲᠠᠷᠢᠶᠠᠴᠢᠨ ᠡᠷᠦᠬᠡ ᠶᠢᠨ | ᠦᠢᠯᠡᠴᠢᠯᠡᠭᠡ ᠶᠢ 3700 ᠭᠠᠷᠤᠶ ᠬᠥᠮᠦᠨ ᠤᠳᠠᠭ᠎ᠠ ᠦᠷᠨᠢᠭᠦᠯᠵᠦ᠂ ᠬᠤᠯᠪᠣᠭᠳᠠᠯ ᠪᠥᠬᠦᠶ ᠠᠵᠤ ᠠᠬᠤᠶᠢᠯᠠᠯ ᠳᠤ | 20 ᠭᠠᠷᠤᠶ ᠤᠳᠠᠭ᠎ᠠ ᠮᠡᠷᠭᠡᠵᠢᠯ ᠤᠨ ᠦᠢᠯᠡᠴᠢᠯᠡᠭᠡ ᠬᠠᠩᠭᠠᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ | ᠬᠦᠷᠢᠶᠡᠯᠡᠩ ᠢᠶᠠᠷ ᠳᠠᠮᠵᠢᠭᠤᠯᠤᠨ 8 ᠵᠦᠢᠯ ᠤᠨ ᠲᠤᠰᠬᠠᠶ ᠠᠰᠢᠭ ᠢ ᠣᠯᠵᠤ᠂ 2 ᠵᠦᠢᠯ ᠤᠨ ᠮᠡᠷᠭᠡᠵᠢᠯ ᠤᠨ ᠳᠦᠷᠢᠮ | ᠲᠣᠭᠲᠠᠭᠠᠯ ᠢ ᠪᠦᠷᠢᠯᠳᠦᠭᠦᠯᠵᠦ᠂ 28 ᠵᠦᠢᠯ ᠤᠨ ᠰᠢᠨ᠎ᠡ ᠮᠡᠷᠭᠡᠵᠢᠯ ᠢ ᠳᠡᠯᠭᠡᠷᠡᠭᠦᠯᠵᠦ᠂ 106 ᠰᠢᠨ᠎ᠡ ᠡᠭᠦᠯᠳᠡᠷ ᠢ | ᠳᠡᠯᠭᠡᠷᠡᠭᠦᠯᠦᠨ᠂ ᠲᠠᠷᠢᠶᠠᠴᠢᠳ ᠤᠨ ᠣᠷᠣᠯᠭ᠎ᠠ ᠪᠠ ᠭᠠᠷᠤᠯᠲᠠ ᠪᠠᠨ ᠨᠡᠮᠡᠭᠳᠡᠭᠦᠯᠬᠦ ᠶᠢ ᠠᠬᠢᠭᠤᠯᠪᠠ᠃ ᠨᠡᠶᠢᠲᠡ 20 | ᠭᠠᠷᠤᠶ ᠤᠷᠤᠨ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠵᠦ᠂ 600 ᠭᠠᠷᠤᠶ ᠬᠥᠮᠦᠨ ᠳᠤ ᠠᠵᠢᠯ ᠣᠯᠭᠤᠵᠤ᠂ | 1000 ᠭᠠᠷᠤᠶ ᠬᠥᠮᠦᠨ ᠤᠳᠠᠭ᠎ᠠ ᠶᠢ ᠲᠣᠭᠤᠷᠢᠨ ᠰᠤᠷᠤᠯᠴᠠᠭᠤᠯᠵᠤ᠂ 3000 ᠭᠠᠷᠤᠶ ᠬᠥᠮᠦᠨ ᠤᠳᠠᠭ᠎ᠠ ᠶᠢ | ᠭᠥᠯᠢᠶᠡᠨ ᠠᠪᠴᠤ ᠵᠣᠴᠢᠯᠠᠪᠠ᠃ |