ᠵᠤᠤ ᠵᠢᠶᠠᠨ ᠵᠢᠶᠦ᠋ᠨ
ᠨᠡᠶᠢᠲᠡᠯᠡᠭᠰᠡᠨ ᠴᠠᠭ᠄
2025/3/19
     ᠠᠵᠢᠯ ᠤᠨ ᠬᠤᠪᠢᠶᠠᠷᠢᠯᠠᠯ᠄      ᠰᠢᠶᠠᠨ ᠤ ᠳᠠᠷᠤᠭ᠎ᠠ ᠶᠢ ᠬᠠᠮᠵᠢᠨ ᠶᠡᠷᠦᠩᠬᠡᠶᠢᠯᠡᠭᠰᠡᠨ ᠠᠵᠤ ᠠᠬᠤᠢ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ᠂ ᠡᠨᠧᠷᠭᠢ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠳᠠᠪᠤᠰᠤᠨ ᠤ ᠦᠢᠯᠡᠰ ᠤᠨ ᠬᠠᠮᠢᠶᠠᠷᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠪᠠᠶᠢᠭᠠᠯᠢ ᠶᠢᠨ ᠡᠬᠢ ᠪᠠᠶᠠᠯᠢᠭ᠂ ᠲᠥᠯᠦᠪᠵᠢᠭᠦᠯᠭᠡ᠂ ᠭᠠᠵᠠᠷ ᠰᠢᠷᠣᠢ ᠶᠢ ᠬᠤᠷᠢᠶᠠᠨ ᠨᠥᠭᠡᠴᠡᠯᠡᠬᠦ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ᠂ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ᠂ ᠪᠦᠷᠢᠳᠬᠡᠬᠦ ᠵᠡᠷᠭᠡ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ ᠨᠢ᠄ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠲᠤᠭ᠎ᠠ ᠪᠦᠷᠢᠳᠬᠡᠯ ᠤᠨ ᠲᠣᠪᠴᠢᠶ᠎ᠠ᠂ ᠭᠠᠵᠠᠷ ᠰᠢᠷᠣᠢ ᠬᠤᠳᠠᠯᠳᠤᠨ ᠠᠪᠴᠤ ᠨᠥᠭᠡᠴᠡᠯᠡᠵᠦ ᠠᠷᠠᠯᠵᠢᠶᠠᠯᠠᠬᠤ ᠲᠥᠪ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠴᠢᠩ ᠱᠦᠢ ᠾᠧ ᠰᠢᠶᠠᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃     ᠬᠠᠷᠢᠯᠴᠠᠬᠤ ᠨᠢ᠄ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠴᠠᠬᠢᠯᠭᠠᠨ ᠬᠠᠩᠭᠠᠬᠤ ᠺᠣᠮᠫᠠᠨᠢ᠂ ᠴᠢᠯᠠᠭᠤᠨ ᠲᠣᠰᠣᠨ ᠤ ᠺᠣᠮᠫᠠᠨᠢ᠂ ᠬᠥᠬᠡᠬᠤᠲᠠ ᠶᠢᠨ ᠬᠤᠲᠠ ᠬᠥᠳᠡᠭᠡ ᠶᠢᠨ ᠨᠡᠶᠢᠭᠡᠮ ᠠᠵᠤ ᠠᠬᠤᠢ ᠶᠢᠨ ᠥᠯᠢᠭᠡᠷ ᠠᠪᠴᠤ ᠪᠠᠶᠢᠴᠠᠭᠠᠬᠤ ᠲᠥᠪ ᠴᠢᠩ ᠱᠦᠢ ᠾᠧ ᠰᠢᠶᠠᠨ ᠤ ᠬᠤᠪᠢᠶᠠᠷᠢ ᠲᠥᠪ᠃      ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃      ᠲᠣᠪᠴᠢ ᠲᠠᠨᠢᠯᠴᠠᠭᠤᠯᠭ᠎ᠠ      ᠵᠤᠤ ᠵᠢᠶᠠᠨ ᠵᠢᠶᠦ᠋ᠨ᠂ ᠡᠷᠡᠭᠲᠡᠢ᠂ ᠬᠢᠲᠠᠳ ᠦᠨᠳᠦᠰᠦᠲᠡᠨ᠂ 1978 ᠣᠨ ᠤ 8 ᠳ᠋ᠤᠭᠠᠷ ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠴᠢᠩ ᠱᠦᠢ ᠾᠧ ᠰᠢᠶᠠᠨ ᠤ ᠬᠥᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠃ 1999 ᠣᠨ ᠤ 2 ᠳ᠋ᠤᠭᠠᠷ ᠰᠠᠷ᠎ᠠ ᠳᠤ ᠠᠵᠢᠯ ᠳᠤ ᠣᠷᠣᠵᠤ᠂ 2003 ᠣᠨ ᠤ 5 ᠳ᠋ᠤᠭᠠᠷ ᠰᠠᠷ᠎ᠠ ᠳᠤ ᠲᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠵᠡᠢ᠃ ᠤᠳᠤ ᠴᠢᠩ ᠱᠦᠢ ᠾᠧ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠳᠤ ᠪᠤᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1