︵ᠰᠤᠷᠪᠤᠯᠵᠢᠯᠠᠭᠴᠢ ᠡᠦ ᠽᠢ ᠰᠢᠤᠸᠠᠨ︶ ᠤᠰᠤ ᠠᠷᠪᠢᠯᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠲᠦᠯᠬᠢᠨ | ᠠᠬᠢᠭᠤᠯᠬᠤ ᠶᠢᠨ ᠲᠥᠯᠥᠭᠡ᠂ ᠬᠥᠬᠡᠬᠤᠲᠠ ᠤᠰᠤᠨ ᠤ ᠵᠠᠰᠠᠭ ᠵᠠᠬᠢᠷᠭᠠᠨ ᠤ ᠬᠠᠤᠯᠢ ᠲᠣᠭᠲᠠᠭᠠᠬᠤ᠂ ᠬᠠᠤᠯᠢ | ᠬᠡᠷᠡᠭᠵᠢᠭᠦᠯᠬᠦ᠂ ᠬᠠᠤᠯᠢ ᠪᠠᠷ ᠵᠠᠰᠠᠬᠤ ᠤᠬᠠᠭᠤᠯᠭ᠎ᠠ ᠬᠢᠬᠦ ᠵᠡᠷᠭᠡ ᠣᠯᠠᠨ ᠲᠠᠯ᠎ᠠ ᠠᠴᠠ ᠬᠦᠴᠦᠯᠡᠵᠦ᠂ ᠤᠰᠤᠨ ᠤ | ᠶᠠᠪᠤᠳᠠᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠬᠠᠤᠯᠢ ᠶᠣᠰᠣᠭᠠᠷ | ᠤᠰᠤ ᠵᠠᠰᠠᠬᠤ ᠤᠰᠤ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠪᠡ᠃ | ᠬᠠᠤᠯᠢ ᠲᠣᠭᠲᠠᠭᠠᠬᠤ ᠲᠠᠯ᠎ᠠ ᠪᠠᠷ᠂ ︽ᠬᠥᠬᠡᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠬᠠᠮᠢᠶᠠᠷᠤᠯᠲᠠ ᠶᠢᠨ | ᠳᠦᠷᠢᠮ︾ ︽ᠬᠥᠬᠡᠬᠤᠲᠠ ᠶᠢᠨ ᠳᠠᠬᠢᠯᠲᠠ ᠤᠰᠤ ᠶᠢ ᠠᠰᠢᠭᠯᠠᠬᠤ ᠬᠠᠮᠢᠶᠠᠷᠤᠯᠲᠠ ᠶᠢᠨ ᠳᠦᠷᠢᠮ︾ ︽ | ᠬᠥᠬᠡᠬᠤᠲᠠ ᠶᠢᠨ ᠰᠠᠭᠤᠭᠠᠯᠢ ᠠᠷᠠᠳ ᠤᠨ ᠪᠤᠰᠤ ᠤᠰᠤᠨ ᠤ ᠰᠦᠢᠳᠬᠡᠯ ᠢ ᠬᠤᠷᠢᠶᠠᠬᠤ ᠪᠠ ᠬᠡᠷᠡᠭᠯᠡᠬᠦ | ᠬᠠᠮᠢᠶᠠᠷᠤᠯᠲᠠ ᠶᠢᠨ ᠠᠷᠭ᠎ᠠ︾ ᠵᠡᠷᠭᠡ ᠳᠦᠷᠢᠮ ᠵᠢᠷᠤᠮᠵᠢᠯ ᠢ ᠤᠷᠢᠳ ᠬᠤᠵᠢᠳ ᠲᠣᠭᠲᠠᠭᠠᠨ ᠨᠡᠶᠢᠲᠡᠯᠡᠵᠦ᠂ | ᠣᠳᠣᠬᠠᠨ ᠳᠤ᠂ ︽ᠬᠥᠬᠡᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ︾ ᠢ ᠶᠠᠭ | ᠲᠣᠭᠲᠠᠭᠠᠵᠤ ᠪᠠᠶᠢᠨ᠎ᠠ᠃ | ᠬᠠᠤᠯᠢ ᠬᠡᠷᠡᠭᠵᠢᠭᠦᠯᠬᠦ ᠲᠠᠯ᠎ᠠ ᠪᠠᠷ᠂ ᠬᠤᠲᠠ ᠰᠢᠶᠠᠨ ᠬᠤᠶᠠᠷ ᠱᠠᠲᠤᠨ ᠤ ᠤᠰᠤᠨ ᠤ ᠶᠠᠪᠤᠳᠠᠯ ᠤᠨ ᠰᠠᠯᠠᠭ᠎ᠠ | ᠮᠥᠴᠢᠷ ᠤᠳ ᠬᠠᠮᠲᠤᠷᠠᠨ ᠬᠠᠤᠯᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠬᠡᠷᠡᠭᠵᠢᠭᠦᠯᠬᠦ | ᠬᠦᠴᠦᠨ ᠢ ᠴᠢᠩᠭᠠᠳᠬᠠᠨ᠂ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ | ᠪᠦᠲᠦᠮᠵᠢ ᠶᠢ ᠳᠡᠭᠡᠭᠰᠢᠯᠡᠭᠦᠯᠦᠨ᠂ ᠤᠰᠤ ᠠᠷᠪᠢᠯᠠᠬᠤ ᠠᠵᠢᠯᠯᠠᠭ᠎ᠠ ᠶᠢᠨ ᠤᠷᠤᠭᠰᠢᠲᠠᠶ ᠥᠷᠨᠢᠬᠦ ᠶᠢ ᠪᠠᠲᠤᠯᠠᠪᠠ᠃ | ᠬᠠᠤᠯᠢ ᠪᠠᠷ ᠵᠠᠰᠠᠬᠤ ᠤᠬᠠᠭᠤᠯᠭ᠎ᠠ ᠶᠢᠨ ᠲᠠᠯ᠎ᠠ ᠪᠠᠷ᠂ ᠤᠰᠤ ᠠᠷᠪᠢᠯᠠᠬᠤ ᠮᠡᠳᠡᠯᠭᠡ ᠶᠢᠨ ᠪᠣᠯᠪᠠᠰᠤᠷᠠᠯ ᠢ | ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠨᠡᠶᠢᠭᠡᠮ ᠳᠠᠶᠠᠭᠠᠷ ᠢ ᠬᠥᠲᠥᠯᠥᠨ ᠵᠢᠯᠣᠭᠤᠳᠴᠤ | ᠤᠰᠤ ᠠᠷᠪᠢᠯᠠᠬᠤ ᠠᠵᠢᠯᠯᠠᠭ᠎ᠠ ᠶᠢᠨ ᠴᠢᠬᠤᠯᠠ ᠴᠢᠨᠠᠷ ᠢ ᠭᠦᠢᠴᠡᠳ ᠲᠠᠨᠢᠭᠤᠯᠵᠤ᠂ ᠪᠦᠬᠦ ᠠᠷᠠᠳ ᠢᠶᠠᠷ ᠢᠶᠠᠨ ᠤᠰᠤ | ᠠᠷᠪᠢᠯᠠᠬᠤ ᠳᠤ ᠢᠳᠡᠪᠬᠢᠲᠡᠢ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠠᠢ᠃ |