ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠢᠭ 25 ᠳ᠋ᠤᠭᠠᠷ ᠲᠣᠭᠠᠲᠤ | | ︽ᠬᠥᠬᠡᠬᠤᠲᠠ ᠶᠢᠨ ᠠᠶᠤᠩᠭ᠎ᠠ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠮᠢᠶᠠᠷᠤᠯᠲᠠ ᠶᠢᠨ ᠠᠷᠭ᠎ᠠ︾ | ᠶᠢ 2024 ᠣᠨ ᠤ 12 ᠳ᠋ᠤᠭᠠᠷ ᠰᠠᠷ᠎ᠠ ᠶᠢᠨ 11 ᠤ ᠡᠳᠦᠷ ᠤᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ 31 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠲᠦᠭᠡ | ᠨᠡᠶᠢᠲᠡᠯᠡᠯ᠎ᠡ᠂ 2025 ᠣᠨ ᠤ 2 ᠳ᠋ᠤᠭᠠᠷ ᠰᠠᠷ᠎ᠠ ᠶᠢᠨ 8 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠬᠤᠲᠠ ᠶᠢᠨ ᠳᠠᠷᠤᠭ᠎ᠠ ᠾᠧ ᠬᠠᠢ ᠳ᠋ᠦᠩ | 2025 ᠤᠨ ᠤ1 ᠳ᠋ᠦ᠋ᠭᠡᠷ ᠰᠠᠷ᠎ᠠ ᠶᠢᠨ 8 ᠤ ᠡᠳᠦᠷ | | | ᠬᠥᠬᠡᠬᠤᠲᠠ ᠶᠢᠨ ᠠᠶᠤᠩᠭ᠎ᠠ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠮᠢᠶᠠᠷᠤᠯᠲᠠ ᠶᠢᠨ ᠠᠷᠭ᠎ᠠ | | | ᠨᠢᠭᠡᠳᠦᠭᠡᠷ ᠵᠦᠢᠯ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠪᠠ ᠬᠥᠩᠭᠡᠷᠡᠭᠦᠯᠵᠦ᠂ ᠠᠷᠠᠳ | ᠢᠷᠭᠡᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠣᠯᠠᠨ ᠨᠡᠶᠢᠲᠡ ᠶᠢᠨ ᠠᠮᠤᠷ ᠲᠦᠪᠰᠢᠨ ᠢ | ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾ ︽ᠴᠠᠭ | ᠠᠭᠤᠷ ᠤᠨ ᠭᠠᠮᠰᠢᠭ ᠢ ᠰᠡᠷᠭᠡᠶᠢᠯᠡᠬᠦ ᠲᠦᠷᠢᠮ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠢ ᠦᠨᠳᠦᠰᠦᠯᠡᠨ᠂ ᠬᠥᠬᠡᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠠᠶᠤᠩᠭ᠎ᠠ ᠠᠴᠠ | ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯᠯᠠᠭ᠎ᠠ ᠬᠢᠬᠦ ᠨᠢᠭᠡᠴᠢ ᠪᠠ ᠬᠤᠪᠢ ᠬᠥᠮᠦᠨ ᠲᠣᠰ ᠠᠷᠭ᠎ᠠ ᠶᠢ ᠵᠢᠷᠤᠮᠯᠠᠬᠤ | ᠬᠡᠷᠡᠭᠲᠡᠶ᠃ | ᠭᠤᠷᠪᠠᠳᠤᠭᠠᠷ ᠵᠦᠢᠯ ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠳᠤ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠨᠢᠭᠡᠳᠦᠯᠲᠡᠶ | ᠲᠥᠯᠥᠪᠵᠢᠭᠦᠯᠦᠨ ᠵᠣᠬᠢᠴᠠᠭᠤᠯᠬᠤ᠂ ᠰᠡᠷᠭᠡᠶᠢᠯᠡᠬᠦ ᠪᠠᠷ ᠭᠤᠤᠯ ᠪᠣᠯᠭᠠᠬᠤ᠂ ᠰᠡᠷᠭᠡᠶᠢᠯᠡᠬᠦ ᠪᠠ ᠲᠡᠮᠡᠴᠡᠬᠦ ᠶᠢ | ᠤᠶᠠᠯᠳᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ ᠪᠠ | ᠨᠡᠶᠢᠭᠡᠮ ᠤᠨ ᠬᠢᠨ ᠣᠷᠣᠯᠴᠠᠬᠤ ᠵᠠᠷᠴᠢᠮ ᠢ ᠵᠢᠷᠤᠮᠯᠠᠬᠤ ᠬᠡᠷᠡᠭᠲᠡᠶ᠃ | ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠵᠣᠬᠢᠶᠠᠨ ᠪᠠᠶᠢᠭᠤᠯᠤᠯᠲᠠ᠂ ᠤᠳᠤᠷᠢᠳᠤᠯᠭ᠎ᠠ | ᠪᠣᠯᠤᠨ ᠵᠣᠬᠢᠴᠠᠭᠤᠯᠭ᠎ᠠ ᠪᠠᠨ ᠴᠢᠩᠭᠠᠳᠬᠠᠵᠤ᠂ ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ | ᠲᠤᠰ ᠱᠠᠲᠤᠨ ᠤ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ | ᠪᠠᠨ ᠣᠷᠣᠭᠤᠯᠵᠤ᠂ ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠪᠠᠨ ᠣᠷᠣᠭᠤᠯᠬᠤ | ᠬᠡᠷᠡᠭᠲᠡᠶ᠃ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ | ᠠᠵᠢᠯᠯᠠᠭ᠎ᠠ ᠳᠤ ᠬᠢᠨᠠᠯᠲᠠ ᠲᠠᠯᠪᠢᠬᠤ᠂ ᠪᠠᠶᠢᠴᠠᠭᠠᠬᠤ ᠪᠠᠨ ᠴᠢᠩᠭᠠᠳᠬᠠᠵᠤ᠂ ᠴᠠᠭ ᠠᠭᠤᠷ ᠤᠨ ᠭᠤᠤᠯᠴᠢᠯᠠᠨ | ᠬᠠᠮᠢᠶᠠᠷᠬᠤ ᠪᠠᠶᠢᠭᠤᠯᠤᠮᠵᠢ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢ ᠬᠠᠮᠵᠢᠨ ᠴᠠᠭ ᠠᠭᠤᠷ ᠤᠨ ᠭᠠᠮᠰᠢᠭ ᠢ | ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠤᠯᠪᠣᠭ᠎ᠠ᠂ ᠮᠡᠳᠡᠭᠡ ᠵᠠᠩᠭᠢ | ᠳᠠᠮᠵᠢᠭᠤᠯᠬᠤ᠂ ᠭᠠᠮᠰᠢᠭ ᠢ ᠮᠡᠳᠡᠭᠦᠯᠬᠦ ᠵᠡᠷᠭᠡ ᠠᠵᠢᠯ ᠢ ᠥᠷᠨᠢᠭᠦᠯᠬᠦ ᠬᠡᠷᠡᠭᠲᠡᠶ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ | ᠬᠠᠮᠢᠶᠠᠷᠬᠤ ᠪᠠᠶᠢᠭᠤᠯᠤᠮᠵᠢ ᠨᠢ ᠳᠡᠭᠡᠳᠦ ᠱᠠᠲᠤᠨ ᠤ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ | ᠪᠣᠯᠤᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠲᠤᠰ ᠵᠠᠰᠠᠭ | ᠵᠠᠬᠢᠷᠭᠠᠨ ᠤ ᠣᠷᠣᠨ ᠤ ᠪᠠᠨ ᠳᠣᠲᠣᠷᠠᠬᠢ ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ | ᠬᠠᠷᠢᠭᠤᠴᠠᠨ᠎ᠠ᠃ | ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ | ᠲᠡᠭᠡᠭᠡᠪᠦᠷᠢ᠂ ᠤᠰᠤᠨ ᠤ ᠶᠠᠪᠤᠳᠠᠯ᠂ ᠰᠣᠶᠣᠯ ᠪᠣᠯᠤᠨ ᠵᠢᠭᠤᠯᠴᠢᠯᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠰᠠᠯᠠᠭ᠎ᠠ ᠮᠥᠴᠢᠷ ᠤᠨ ᠢᠶᠠᠨ ᠲᠤᠰᠢᠶᠠᠯ | ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠪᠠᠷᠢᠯᠭ᠎ᠠ ᠶᠢᠨ ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ | ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ | ᠬᠠᠮᠢᠶᠠᠷᠬᠤ ᠪᠠᠶᠢᠭᠤᠯᠤᠮᠵᠢ ᠬᠢᠭᠡᠳ ᠪᠤᠰᠤᠳ ᠠᠶᠤᠩᠭ᠎ᠠ ᠴᠠᠬᠢᠯᠭᠠᠨ ᠤ ᠭᠠᠮᠰᠢᠭ ᠢ ᠪᠠᠭᠠᠰᠬᠠᠬᠤ ᠬᠠᠮᠢᠶᠠᠷᠤᠯᠲᠠ ᠶᠢᠨ | ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠰᠠᠯᠠᠭ᠎ᠠ ᠮᠥᠴᠢᠷ ᠤᠳ ᠣᠯᠠᠨ ᠵᠦᠢᠯ ᠤᠨ ᠬᠡᠯᠪᠡᠷᠢ | ᠮᠠᠶ᠋ᠢᠭ ᠢᠶᠠᠷ ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ | ᠰᠢᠨᠵᠢᠯᠡᠬᠦ ᠤᠬᠠᠭᠠᠨ ᠤ ᠮᠡᠳᠡᠯᠭᠡ ᠶᠢᠨ ᠤᠬᠠᠭᠤᠯᠭ᠎ᠠ᠂ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ | ᠣᠯᠠᠨ ᠨᠡᠶᠢᠲᠡ ᠶᠢᠨ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠦᠵᠡᠯ ᠤᠬᠠᠮᠰᠠᠷ ᠢ ᠨᠡᠮᠡᠭᠳᠡᠭᠦᠯᠬᠦ ᠬᠡᠷᠡᠭᠲᠡᠶ᠃ | | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠰᠤᠷᠭᠠᠭᠤᠯᠢ ᠶᠢ ᠵᠢᠯᠣᠭᠤᠳᠤᠨ ᠬᠢᠨᠠᠯᠲᠠ | ᠲᠠᠯᠪᠢᠵᠤ ᠪᠠᠶᠢᠭᠠᠳ ᠠᠶᠤᠩᠭ᠎ᠠ ᠴᠠᠬᠢᠯᠭᠠᠨ ᠤ ᠭᠠᠮᠰᠢᠭ ᠵᠢᠴᠢ ᠰᠡᠷᠭᠡᠶᠢᠯᠡᠵᠦ ᠬᠤᠷᠢᠭᠯᠠᠬᠤ ᠮᠡᠳᠡᠯᠭᠡ ᠶᠢ ᠵᠢᠭᠠᠨ | ᠰᠤᠷᠭᠠᠬᠤ ᠠᠭᠤᠯᠭ᠎ᠠ ᠪᠤᠶᠤ ᠬᠢᠴᠢᠶᠡᠯ ᠤᠨ ᠭᠠᠳᠠᠨᠠᠬᠢ ᠬᠥᠮᠦᠵᠢᠯ ᠤᠨ ᠠᠭᠤᠯᠭ᠎ᠠ ᠳᠤ ᠣᠷᠣᠭᠤᠯᠬᠤ ᠬᠡᠷᠡᠭᠲᠡᠶ᠃ | ᠰᠣᠨᠢᠨ ᠮᠡᠳᠡᠭᠡᠨ ᠤ ᠵᠠᠭᠤᠴᠢᠯᠠᠭᠤᠷ ᠤᠳ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠬᠢᠭᠡᠳ ᠪᠠᠴᠢᠮ | ᠪᠠᠶᠢᠳᠠᠯ ᠢ ᠠᠷᠭᠠᠴᠠᠭᠠᠬᠤ᠂ ᠥᠪᠡᠷ ᠢ ᠪᠠᠨ ᠠᠪᠤᠷᠠᠬᠤ ᠬᠢᠭᠡᠳ ᠬᠠᠷᠢᠯᠴᠠᠨ ᠠᠪᠤᠷᠠᠬᠤ ᠮᠡᠳᠡᠯᠭᠡ ᠶᠢᠨ ᠨᠡᠶᠢᠲᠡ ᠶᠢᠨ | ᠠᠰᠠᠷᠠᠮᠵᠢ ᠶᠢᠨ ᠤᠬᠠᠭᠤᠯᠭ᠎ᠠ ᠳᠤ ᠳᠡᠮᠵᠢᠯᠭᠡ ᠦᠵᠡᠭᠦᠯᠬᠦ ᠬᠡᠷᠡᠭᠲᠡᠶ᠃ | ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠦᠨᠳᠦᠰᠦᠨ ᠱᠠᠲᠤᠨ ᠤ ᠣᠯᠠᠨ ᠲᠦᠮᠡᠨᠴᠢ | ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ | ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠬᠦ | ᠬᠡᠷᠡᠭᠲᠡᠶ᠃ | ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠠᠶᠤᠩᠭ᠎ᠠ ᠠᠴᠠ ᠰᠡᠷᠭᠡᠶᠢᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠯ ᠬᠢᠭᠡᠳ ᠨᠡᠭᠡᠭᠡᠯᠲᠡ ᠶᠢ | ᠵᠣᠷᠢᠭᠵᠢᠭᠤᠯᠤᠨ ᠳᠡᠮᠵᠢᠵᠦ᠂ ᠠᠶᠤᠩᠭ᠎ᠠ ᠠᠴᠠ ᠰᠡᠷᠭᠡᠶᠢᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ | ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠵᠦ᠂ ᠠᠶᠤᠩᠭ᠎ᠠ ᠠᠴᠠ ᠰᠡᠷᠭᠡᠶᠢᠯᠡᠬᠦ ᠲᠡᠷᠢᠭᠦᠨ ᠤ ᠪᠠᠷᠢᠮᠵᠢᠶ᠎ᠠ ᠰᠢᠰᠲ᠋ᠧᠮᠵᠢ | ᠪᠠᠶᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠶ᠃ | ᠨᠠᠢᠮᠠᠳᠤᠭᠠᠷ ᠵᠦᠢᠯ ᠬᠤᠲᠠ ᠶᠢᠨ ᠴᠠᠭ ᠠᠭᠤᠷ ᠤᠨ ᠭᠤᠤᠯᠯᠠᠨ ᠬᠠᠮᠢᠶᠠᠷᠬᠤ ᠪᠠᠶᠢᠭᠤᠯᠤᠮᠵᠢ ᠠᠶᠤᠩᠭ᠎ᠠ | ᠴᠠᠬᠢᠯᠭᠠᠨ ᠢ ᠬᠢᠨᠠᠨ ᠬᠡᠮᠵᠢᠬᠦ ᠲᠣᠣᠷ᠂ ᠠᠶᠤᠩᠭ᠎ᠠ ᠴᠠᠬᠢᠯᠭᠠᠨ ᠤ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ | ᠰᠢᠰᠲ᠋ᠧᠮ ᠵᠢᠴᠢ ᠠᠶᠤᠩᠭ᠎ᠠ ᠠᠴᠠ ᠰᠡᠷᠭᠡᠶᠢᠯᠡᠬᠦ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠬᠢᠨᠠᠨ ᠬᠠᠮᠢᠶᠠᠷᠬᠤ | ᠲᠠᠪᠴᠠᠩ ᠢ ᠪᠠᠶᠢᠭᠤᠯᠬᠤ ᠶᠢᠨ ᠬᠠᠮᠲᠤ ᠲᠡᠭᠦᠯᠳᠡᠷᠵᠢᠭᠦᠯᠵᠦ᠂ ᠠᠶᠤᠩᠭ᠎ᠠ ᠴᠠᠬᠢᠯᠭᠠᠨ ᠤ ᠭᠠᠮᠰᠢᠭ ᠢ ᠤᠷᠢᠳᠴᠢᠯᠠᠨ | ᠰᠡᠷᠡᠮᠵᠢᠯᠡᠭᠦᠯᠬᠦ ᠪᠠ ᠠᠶᠤᠩᠭ᠎ᠠ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ᠃ | ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ | ᠬᠠᠮᠢᠶᠠᠷᠬᠤ ᠪᠠᠶᠢᠭᠤᠯᠤᠮᠵᠢ ᠶᠢᠨ ᠬᠠᠷᠢᠶ᠎ᠠ ᠪᠦᠬᠦᠢ ᠴᠠᠭ ᠠᠭᠤᠷ ᠤᠨ ᠬᠤᠷᠢᠶ᠎ᠠ ᠦᠷᠲᠡᠭᠡ ᠨᠢ ᠠᠶᠤᠩᠭ᠎ᠠ ᠴᠠᠬᠢᠯᠭᠠᠨ ᠢ | ᠬᠢᠨᠠᠨ ᠬᠡᠮᠵᠢᠬᠦ ᠪᠠᠨ ᠴᠢᠩᠭᠠᠳᠬᠠᠵᠤ᠂ ᠠᠶᠤᠩᠭ᠎ᠠ ᠴᠠᠬᠢᠯᠭᠠᠨ ᠤ ᠭᠠᠮᠰᠢᠭ ᠤᠨ ᠴᠠᠭ ᠠᠭᠤᠷ ᠤᠨ ᠰᠡᠷᠡᠮᠵᠢ ᠶᠢᠨ | ᠳᠣᠬᠢᠶ᠎ᠠ᠂ ᠤᠷᠢᠳᠴᠢᠯᠠᠨ ᠰᠡᠷᠡᠮᠵᠢᠯᠡᠭᠦᠯᠬᠦ ᠳᠣᠬᠢᠶ᠎ᠠ ᠶᠢ ᠴᠠᠭ ᠲᠤᠬᠠᠶ ᠳᠤ ᠨᠢ ᠨᠡᠶᠢᠲᠡᠯᠡᠬᠦ ᠶᠢᠨ ᠬᠠᠮᠲᠤ ᠬᠤᠯᠪᠣᠭᠳᠠᠯ | ᠪᠦᠬᠦᠢ ᠭᠠᠮᠰᠢᠭ ᠢ ᠰᠡᠷᠭᠡᠶᠢᠯᠡᠬᠦ᠂ ᠠᠪᠤᠷᠠᠨ ᠲᠤᠰᠠᠯᠠᠬᠤ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠳᠡᠬᠦ | ᠬᠡᠷᠡᠭᠲᠡᠶ᠃ | ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠰᠦᠯᠵᠢᠶ᠎ᠡ ᠵᠡᠷᠭᠡ ᠵᠠᠭᠤᠴᠢᠯᠠᠭᠤᠷ ᠪᠣᠯᠤᠨ ᠴᠠᠬᠢᠯᠭᠠᠨ | ᠬᠤᠯᠪᠣᠭ᠎ᠠ ᠡᠵᠡᠩᠨᠡᠵᠦ ᠪᠠᠶᠢᠭ᠎ᠠ ᠠᠵᠤ ᠠᠬᠤᠶᠢᠯᠠᠯ ᠤᠳ ᠲᠤᠬᠠᠶ ᠶᠢᠨ ᠭᠠᠵᠠᠷ ᠤᠨ ᠴᠠᠭ ᠠᠭᠤᠷ ᠤᠨ ᠭᠤᠤᠯᠴᠢᠯᠠᠨ | ᠬᠠᠮᠢᠶᠠᠷᠬᠤ ᠪᠠᠶᠢᠭᠤᠯᠤᠮᠵᠢ ᠶᠢᠨ ᠬᠠᠷᠢᠶ᠎ᠠ ᠴᠠᠭ ᠠᠭᠤᠷ ᠤᠨ ᠬᠤᠷᠢᠶ᠎ᠠ ᠥᠷᠲᠡᠭᠡᠨ ᠠᠴᠠ ᠬᠠᠩᠭᠠᠭᠰᠠᠨ ᠠᠶᠤᠩᠭ᠎ᠠ | ᠴᠠᠬᠢᠯᠭᠠᠨ ᠤ ᠭᠠᠮᠰᠢᠭ ᠤᠨ ᠴᠠᠭ ᠠᠭᠤᠷ ᠤᠨ ᠰᠡᠷᠡᠮᠵᠢ ᠶᠢᠨ ᠳᠣᠬᠢᠶ᠎ᠠ᠂ ᠤᠷᠢᠳᠴᠢᠯᠠᠨ ᠰᠡᠷᠡᠮᠵᠢᠯᠡᠭᠦᠯᠬᠦ ᠳᠣᠬᠢᠶ᠎ᠠ ᠶᠢ | ᠴᠠᠭ ᠲᠤᠬᠠᠶ ᠳᠤ ᠨᠢ᠂ ᠣᠨᠣᠪᠴᠢᠲᠠᠶ᠂ ᠦᠨ᠎ᠡ ᠲᠥᠯᠥᠪᠦᠷᠢ ᠦᠭᠡᠶ ᠪᠠᠷ ᠨᠡᠪᠲᠡᠷᠡᠭᠦᠯᠬᠦ ᠪᠤᠶᠤ ᠨᠡᠶᠢᠲᠡᠯᠡᠬᠦ ᠬᠡᠷᠡᠭᠲᠡᠶ᠃ | | ᠪᠤᠰᠤᠳ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠠᠶᠤᠩᠭ᠎ᠠ ᠴᠠᠬᠢᠯᠭᠠᠨ ᠤ ᠭᠠᠮᠰᠢᠭ ᠤᠨ ᠴᠠᠭ | ᠠᠭᠤᠷ ᠤᠨ ᠰᠡᠷᠡᠮᠵᠢ ᠶᠢᠨ ᠳᠣᠬᠢᠶ᠎ᠠ᠂ ᠤᠷᠢᠳᠴᠢᠯᠠᠨ ᠰᠡᠷᠡᠮᠵᠢᠯᠡᠭᠦᠯᠬᠦ ᠳᠣᠬᠢᠶ᠎ᠠ ᠶᠢ ᠨᠡᠶᠢᠭᠡᠮ ᠳᠤ ᠨᠡᠶᠢᠲᠡᠯᠡᠵᠦ ᠪᠣᠯᠬᠤ | ᠦᠭᠡᠶ᠃ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠬᠠᠷᠢᠶ᠎ᠠ ᠴᠠᠭ ᠠᠭᠤᠷ ᠤᠨ ᠬᠤᠷᠢᠶ᠎ᠠ | ᠥᠷᠲᠡᠭᠡ ᠠᠴᠠ ᠬᠠᠩᠭᠠᠭᠰᠠᠨ ᠪᠢᠰᠢ ᠠᠶᠤᠩᠭ᠎ᠠ ᠴᠠᠬᠢᠯᠭᠠᠨ ᠤ ᠭᠠᠮᠰᠢᠭ ᠤᠨ ᠴᠠᠭ ᠠᠭᠤᠷ ᠤᠨ ᠰᠡᠷᠡᠮᠵᠢ ᠶᠢᠨ | ᠳᠣᠬᠢᠶ᠎ᠠ᠂ ᠤᠷᠢᠳᠴᠢᠯᠠᠨ ᠰᠡᠷᠡᠮᠵᠢᠯᠡᠭᠦᠯᠬᠦ ᠳᠣᠬᠢᠶ᠎ᠠ ᠶᠢ ᠨᠡᠶᠢᠭᠡᠮ ᠳᠤ ᠳᠠᠮᠵᠢᠭᠤᠯᠵᠤ ᠪᠣᠯᠬᠤ ᠦᠭᠡᠶ᠃ | ᠠᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠵᠢᠴᠢ ᠠᠶᠤᠩᠭ᠎ᠠ ᠴᠠᠬᠢᠯᠭᠠᠨ ᠤ ᠭᠠᠮᠰᠢᠭ ᠢ | ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠠᠶᠤᠩᠭ᠎ᠠ ᠠᠴᠠ | ᠰᠡᠷᠭᠡᠶᠢᠯᠡᠬᠦ ᠠᠶᠤᠯᠭᠦᠢ ᠶᠢᠨ ᠭᠤᠤᠯᠳᠠᠯᠭ᠎ᠠ ᠲᠠᠢ ᠨᠢᠭᠡᠴᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠶᠤᠩᠭ᠎ᠠ ᠠᠴᠠ | ᠰᠡᠷᠭᠡᠶᠢᠯᠡᠬᠦ ᠠᠶᠤᠯᠭᠦᠢ ᠶᠢᠨ ᠭᠤᠤᠯᠳᠠᠯᠭ᠎ᠠ ᠲᠠᠢ ᠨᠢᠭᠡᠴᠢ ᠶᠢᠨ ᠨᠡᠷᠡᠰ ᠵᠢᠴᠢ ᠬᠥᠳᠡᠯᠦᠩᠭᠦᠶ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢᠨ ᠭᠤᠤᠯᠳᠠᠯᠭ᠎ᠠ ᠲᠠᠢ ᠨᠢᠭᠡᠴᠢ | ᠳᠣᠤᠷᠠᠬᠢ ᠡᠭᠦᠷᠭᠡ ᠶᠢ ᠭᠦᠢᠴᠡᠳᠬᠡᠬᠦ ᠬᠡᠷᠡᠭᠲᠡᠶ᠄ | ︵ᠨᠢᠭᠡ︶ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠶᠢ ᠪᠠᠶᠢᠭᠤᠯᠭ᠎ᠠ ᠶᠢᠨ ᠠᠶᠤᠯᠭᠦᠢ ᠶᠢᠨ | ᠬᠠᠮᠢᠶᠡᠷᠦᠯᠳᠡ ᠶᠢᠨ ᠰᠢᠰᠲ᠋ᠧᠮᠵᠢ᠂ ᠪᠠᠴᠢᠮ ᠪᠠᠶᠢᠳᠡᠯ ᠢ ᠠᠷᠭᠠᠴᠠᠭᠠᠬᠤ ᠬᠠᠮᠢᠶᠡᠷᠦᠯᠳᠡ ᠶᠢᠨ ᠰᠢᠰᠲ᠋ᠧᠮᠵᠢ ᠳᠤ | ᠠᠭᠤᠰᠣᠯᠴᠠᠬᠤ ᠶᠢᠨ ᠬᠠᠮᠳᠣ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠥᠷᠢᠮ ᠤᠨ ᠰᠢᠯᠭᠠᠨ | ᠬᠢᠨᠠᠯᠲᠠ ᠳᠤ ᠣᠷᠣᠭᠤᠯᠬᠤ ᠬᠡᠷᠡᠭᠲᠡᠢ᠃ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠬᠠᠮᠢᠶᠠᠷᠤᠯᠲᠠ ᠶᠢᠨ | ᠳᠦᠷᠢᠮ ᠢ ᠪᠠᠶᠢᠭᠤᠯᠤᠨ᠂ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠬᠤᠷᠢᠭᠯᠠᠬᠤ ᠰᠢᠰᠲ᠋ᠧᠮ ᠤᠨ | ᠪᠠᠶᠢᠭᠤᠯᠤᠯᠲᠠ ᠪᠠ ᠬᠠᠮᠠᠭᠠᠯᠠᠯᠲᠠ ᠶᠢ ᠴᠢᠩᠭᠠᠳᠬᠠᠵᠤ᠂ ᠦᠢᠯᠡᠳᠪᠦᠷᠢᠯᠡᠬᠦ᠂ ᠡᠵᠡᠩᠨᠡᠬᠦ ᠲᠠᠯᠠᠪᠤᠷ ᠤᠨ ᠭᠠᠮᠰᠢᠭ ᠢ | ᠰᠡᠷᠭᠡᠶᠢᠯᠡᠬᠦ᠂ ᠭᠠᠮᠰᠢᠭ ᠲᠠᠢ ᠲᠡᠮᠡᠴᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔ | ︵ᠬᠤᠶᠠᠷ︶ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠳᠥᠭᠰᠢᠬᠦᠷᠢ ᠶᠢ ᠡᠵᠡᠮᠳᠡᠬᠦ ᠪᠠ ᠭᠡᠮ | ᠰᠣᠭᠤᠭ ᠢ ᠰᠡᠷᠭᠡᠶᠢᠯᠡᠨ ᠪᠠᠶᠢᠴᠠᠭᠠᠨ ᠵᠠᠰᠠᠬᠤ ᠲᠠᠪᠬᠤᠷ ᠣᠷᠢᠳᠴᠢᠯᠡᠨ ᠰᠡᠷᠭᠡᠶᠢᠯᠡᠬᠦ ᠲᠣᠠᠠᠳᠡᠴᠠ ᠶᠢ ᠪᠠᠶᠢᠭᠤᠯᠬᠤ ᠶᠢᠨ | ᠬᠠᠮᠳᠣ ᠨᠡᠶᠢᠳᠡᠪᠦᠷᠢᠵᠢᠭᠤᠯᠵᠦ᠂ ᠠᠶᠤᠩᠭ᠎ᠠ ᠴᠠᠬᠢᠯᠭᠠᠨ ᠤ ᠭᠠᠮᠰᠢᠭ ᠤᠨ ᠳᠥᠭᠰᠢᠬᠦᠷᠢ ᠶᠢ ᠣᠷᠢᠳᠴᠢᠯᠡᠨ | ᠰᠡᠷᠡᠮᠵᠢᠯᠡᠬᠦᠯᠬᠦ ᠰᠢᠰᠲ᠋ᠧᠮ ᠵᠢᠴᠢ ᠠᠶᠤᠩᠭ᠎ᠠ ᠴᠠᠬᠢᠯᠭᠠᠨ ᠤ ᠭᠠᠮᠰᠢᠭ ᠤᠨ ᠪᠠᠴᠢᠮ ᠪᠠᠶᠢᠳᠡᠯ ᠳᠤ ᠲᠤᠰᠬᠠᠯ ᠭᠠᠷᠭᠠᠬᠤ | ᠲᠣᠠᠠᠳᠡᠴᠠ ᠶᠢ ᠪᠠᠶᠢᠭᠤᠯᠥᠨ ᠲᠡᠭᠦᠯᠳᠡᠷᠵᠢᠭᠦᠯᠬᠦ ᠬᠡᠷᠡᠭᠲᠡᠢ︔ | ︵ᠭᠤᠷᠪᠠ︶ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠬᠠᠮᠢᠶ᠎ᠠ ᠪᠦᠬᠦᠢ ᠠᠵᠢᠯ ᠳᠤ ᠱᠠᠭᠠᠷᠳᠠᠭᠳᠠᠬᠤ | ᠣᠷᠣᠭᠤᠯᠤᠯᠲᠠ ᠶᠢ ᠪᠠᠲᠤᠯᠠᠵᠤ᠂ ᠬᠠᠤᠯᠢ ᠴᠠᠭᠠᠵᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠣᠬᠢᠷᠠᠭᠤᠯᠬᠤ ᠪᠤᠶᠤ ᠠᠶᠤᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠲᠤᠰᠬᠠᠶ ᠲᠤᠰᠢᠶᠠᠯ ᠪᠤᠶᠤ ᠲᠤᠰᠢᠶᠠᠯ ᠬᠠᠪᠰᠤᠷᠭᠠᠭᠰᠠᠨ ᠠᠵᠢᠯᠲᠠᠨ ᠲᠣᠬᠢᠷᠠᠭᠤᠯᠵᠤ᠂ | ᠰᠡᠷᠭᠡᠶᠢᠯᠡᠯᠲᠡ ᠶᠢᠨ ᠠᠵᠢᠯ ᠤᠨ ᠪᠠᠶᠢᠷᠢ ᠵᠢᠴᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ᠠᠶᠤᠩᠭ᠎ᠠ | ᠴᠠᠬᠢᠯᠭᠠᠨ ᠤ ᠭᠠᠮᠰᠢᠭ ᠤᠨ ᠠᠶᠤᠯᠭᠦᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠡᠭᠦᠷᠭᠡ ᠵᠢᠭᠦ᠋ᠢᠴᠡᠳᠬᠡᠬᠦ | ᠬᠡᠷᠡᠭᠲᠡᠶ︔ | ︵ᠲᠦᠷᠪᠡ︶ ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢᠨ ᠬᠥᠮᠦᠵᠢᠯ ᠬᠢᠭᠡᠳ ᠪᠣᠯᠪᠠᠰᠤᠷᠠᠭᠤᠯᠤᠯ ᠤᠨ | ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠨ ᠬᠡᠷᠡᠭᠵᠢᠭᠦᠯᠵᠦ᠂ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢᠨ ᠮᠡᠳᠡᠯᠭᠡ ᠶᠢᠨ ᠪᠣᠯᠪᠠᠰᠤᠷᠠᠭᠤᠯᠤᠯ ᠢ | ᠵᠣᠬᠢᠶᠠᠨ ᠪᠠᠶᠢᠭᠤᠯᠬᠤ ᠪᠤᠶᠤ ᠪᠣᠯᠪᠠᠰᠤᠷᠠᠭᠤᠯᠤᠯ ᠳᠤ ᠣᠷᠣᠯᠴᠠᠵᠤ᠂ ᠲᠤᠰ ᠨᠢᠭᠡᠴᠢ ᠶᠢᠨ ᠢᠶᠠᠨ ᠠᠶᠤᠩᠭ᠎ᠠ | ᠴᠠᠬᠢᠯᠭᠠᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠪᠣᠯᠤᠨ ᠪᠠᠴᠢᠮ ᠪᠠᠶᠢᠳᠠᠯ ᠢ | ᠠᠷᠭᠠᠴᠠᠭᠠᠬᠤ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ | ︵ᠲᠠᠪᠤ︶ ᠬᠠᠤᠯᠢ ᠴᠠᠭᠠᠵᠠ ᠬᠠᠤᠯᠢ ᠲᠣᠭᠲᠠᠭᠠᠯ᠂ ᠠᠵᠢᠯ ᠲᠥᠷᠥᠯ ᠤᠨ ᠪᠠᠷᠢᠮᠵᠢᠶ᠎ᠠ ᠳᠤ ᠲᠣᠭᠲᠠᠭᠠᠭᠰᠠᠨ | ᠠᠶᠤᠩᠭ᠎ᠠ ᠴᠠᠬᠢᠯᠭᠠᠨ ᠢ ᠰᠡᠷᠭᠡᠶᠢᠯᠡᠨ ᠬᠤᠷᠢᠭᠯᠠᠬᠤ ᠪᠤᠰᠤᠳ ᠡᠭᠦᠷᠭᠡ᠃ | ᠠᠷᠪᠠᠨ ᠬᠤᠶᠠᠳᠤᠭᠠᠷ ᠵᠦᠢᠯ ᠬᠤᠲᠠ ᠶᠢᠨ ᠳᠣᠲᠣᠷᠠᠬᠢ ᠲᠣᠮᠣ ᠬᠡᠯᠪᠡᠷᠢ ᠶᠢᠨ ᠪᠠᠷᠢᠯᠭ᠎ᠠ᠂ ᠭᠤᠤᠯᠳᠠᠯᠭ᠎ᠠ ᠲᠠᠢ | ᠪᠠᠷᠢᠯᠭ᠎ᠠ᠂ ᠴᠢᠬᠤᠯᠠ ᠣᠯᠠᠨ ᠨᠡᠶᠢᠲᠡ ᠶᠢᠨ ᠰᠠᠭᠤᠷᠢ ᠲᠦᠬᠦᠭᠡᠷᠦᠮᠵᠢ᠂ ᠳᠡᠯᠪᠡᠷᠡᠬᠦ ᠠᠶᠤᠯ ᠲᠠᠢ ᠪᠡᠯᠡᠳᠭᠡᠮᠵᠢ ᠵᠡᠷᠭᠡ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠷᠢᠯᠭ᠎ᠠ ᠪᠠᠷᠢᠭᠤᠯᠬᠤ ᠨᠢᠭᠡᠴᠢ ᠨᠢ ᠲᠥᠷᠥᠯ ᠵᠦᠢᠯ ᠤᠨ | ᠪᠤᠯᠬᠤᠶᠢᠴᠠ ᠴᠢᠨᠠᠷ ᠤᠨ ᠰᠤᠳᠤᠯᠤᠯ ᠤᠨ ᠱᠠᠲᠤᠨ ᠳᠤ ᠠᠶᠤᠩᠭ᠎ᠠ ᠴᠠᠬᠢᠯᠭᠠᠨ ᠤ ᠭᠠᠮᠰᠢᠭ ᠤᠨ ᠲᠦᠭᠰᠢᠭᠦᠷᠢ ᠶᠢ | ᠦᠨᠡᠯᠡᠨ ᠵᠢᠱᠢᠬᠦ ᠶᠢᠨ ᠬᠠᠮᠲᠤ ᠠᠶᠤᠩᠭ᠎ᠠ ᠴᠠᠬᠢᠯᠭᠠᠨ ᠤ ᠭᠠᠮᠰᠢᠭ ᠤᠨ ᠲᠦᠭᠰᠢᠭᠦᠷᠢ ᠶᠢᠨ ᠦᠨᠡᠯᠡᠯᠲᠡ ᠪᠠᠷ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠳᠤ ᠠᠶᠤᠩᠭ᠎ᠠ ᠠᠴᠠ ᠰᠡᠷᠭᠡᠶᠢᠯᠡᠬᠦ ᠵᠢᠷᠤᠭ ᠲᠥᠯᠥᠪᠯᠡᠭᠡ ᠶᠢᠨ ᠦᠨᠳᠦᠰᠦᠯᠡᠯ ᠪᠣᠯᠭᠠᠬᠤ | ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ | ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠨᠢ ᠳᠠᠭᠠᠳᠬᠠᠯ ᠤᠨ ᠠᠵᠢᠯ ᠲᠥᠷᠥᠯ ᠢ ᠵᠣᠬᠢᠴᠠᠭᠤᠯᠤᠨ ᠲᠤᠰ ᠭᠠᠵᠠᠷ ᠤᠨ | ᠣᠨᠴᠠᠯᠢᠭ ᠲᠤ ᠨᠡᠶᠢᠴᠡᠭᠰᠡᠨ ᠠᠶᠤᠩᠭ᠎ᠠ ᠴᠠᠬᠢᠯᠭᠠᠨ ᠤ ᠭᠠᠮᠰᠢᠭ ᠤᠨ ᠳᠠᠭᠠᠳᠬᠠᠯ ᠤᠨ ᠲᠥᠷᠥᠯ᠂ ᠳᠠᠭᠠᠳᠬᠠᠯ ᠤᠨ | ᠲᠣᠭᠲᠠᠴᠠ ᠪᠣᠯᠤᠨ ᠬᠡᠪ ᠵᠠᠭᠪᠤᠷ ᠢ ᠰᠦᠪᠡᠭᠴᠢᠯᠡᠨ ᠬᠡᠷᠡᠭᠵᠢᠭᠦᠯᠬᠦ ᠬᠡᠷᠡᠭᠲᠡᠶ᠃ | ᠳᠣᠣᠷ᠎ᠠ ᠵᠢᠭᠰᠠᠭᠠᠭᠰᠠᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ ᠲᠠᠯᠠᠪᠤᠷ | ᠭᠠᠵᠠᠷ ᠠᠶᠤᠩᠭ᠎ᠠ ᠴᠠᠬᠢᠯᠭᠠᠨ ᠤ ᠭᠠᠮᠰᠢᠭ ᠤᠨ ᠳᠠᠭᠠᠳᠬᠠᠯ ᠬᠤᠳᠠᠯᠳᠤᠨ ᠠᠪᠬᠤ ᠶᠢ ᠵᠣᠷᠢᠭᠵᠢᠭᠤᠯᠵᠤ᠂ ᠠᠶᠤᠩᠭ᠎ᠠ | ᠴᠠᠬᠢᠯᠭᠠᠨ ᠤ ᠭᠠᠮᠰᠢᠭ ᠠᠴᠠ ᠪᠣᠯᠬᠤ ᠬᠤᠬᠢᠷᠠᠯ ᠢ ᠪᠠᠭᠠᠰᠬᠠᠬᠤ ᠬᠡᠷᠡᠭᠲᠡᠶ᠄ | ︵ᠨᠢᠭᠡ︶ ᠴᠢᠯᠠᠭᠤᠨ ᠲᠣᠰᠣ᠂ ᠬᠢᠮᠢ ᠶᠢᠨ ᠠᠵᠤ ᠦᠢᠯᠡᠳᠪᠦᠷᠢ᠂ ᠰᠢᠲᠠᠮᠠᠬᠠᠶ ᠬᠡᠢ ᠵᠡᠷᠭᠡ ᠨᠣᠴᠣᠮᠠᠲᠠᠭᠠᠶ | ᠳᠡᠯᠪᠡᠷᠡᠮᠡᠲᠡᠭᠡᠶ ᠡᠳ᠋ ᠪᠣᠳᠠᠰ ᠦᠢᠯᠡᠳᠪᠦᠷᠢᠯᠡᠬᠦ᠂ ᠬᠠᠳᠠᠭᠠᠯᠠᠵᠤ ᠲᠡᠭᠡᠭᠡᠪᠦᠷᠢᠯᠡᠬᠦ᠂ ᠳᠠᠮᠵᠢᠭᠤᠯᠬᠤ᠂ ᠪᠣᠷᠣᠯᠠᠭᠤᠯᠬᠤ | ᠵᠡᠷᠭᠡ ᠲᠠᠯᠠᠪᠤᠷ ᠪᠣᠯᠤᠨ ᠪᠡᠯᠡᠳᠬᠡᠮᠵᠢ᠃ | ︵ᠬᠤᠶᠠᠷ︶ ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠰᠢᠰᠲ᠋ᠧᠮ᠂ ᠴᠠᠬᠢᠯᠭᠠᠨ ᠬᠦᠴᠦᠨ ᠤ ᠰᠢᠰᠲ᠋ᠧᠮ᠂ | ᠴᠢᠮᠡᠭᠡ ᠬᠤᠯᠪᠣᠭᠠᠨ ᠤ ᠪᠡᠯᠡᠳᠬᠡᠮᠵᠢ ᠪᠠ ᠷᠠᠳᠢᠣ᠋ ᠲᠧᠯᠸᠢᠰ ᠤᠨ ᠪᠡᠯᠡᠳᠬᠡᠮᠵᠢ᠃ | ︵ᠭᠤᠷᠪᠠ︶ ᠵᠠᠳᠠᠭᠠᠢ ᠲᠣᠮᠣ ᠬᠡᠯᠪᠡᠷᠢ ᠶᠢᠨ ᠵᠤᠭ᠎ᠠ ᠴᠡᠩᠭᠡᠯ᠂ ᠵᠤᠭᠠᠴᠠᠯ᠂ ᠪᠡᠶ᠎ᠡ ᠶᠢᠨ ᠲᠠᠮᠢᠷ ᠵᠡᠷᠭᠡ | ᠠᠮᠠᠷᠬᠠᠨ ᠠᠶᠤᠩᠭ᠎ᠠ ᠳᠤ ᠳᠠᠭᠠᠷᠢᠭᠳᠠᠬᠤ ᠲᠠᠯᠠᠪᠤᠷ ᠪᠠ ᠪᠡᠯᠡᠳᠬᠡᠮᠵᠢ᠃ | ︵ᠲᠦᠷᠪᠡ︶ ᠰᠤᠷᠭᠠᠭᠤᠯᠢ᠂ ᠰᠣᠶᠣᠯ ᠪᠡᠶ᠎ᠡ ᠶᠢᠨ ᠲᠠᠮᠢᠷ ᠤᠨ ᠲᠠᠯᠠᠪᠠᠢ ᠣᠷᠳᠣᠨ ᠵᠡᠷᠭᠡ ᠤᠯᠠᠨ ᠨᠡᠶᠢᠲᠡ ᠶᠢᠨ | ᠲᠠᠯᠠᠪᠤᠷ᠃ | ︵ᠲᠠᠪᠤ︶ ᠪᠡᠯᠡᠳᠬᠡᠮᠵᠢᠲᠦ ᠲᠠᠷᠢᠶᠠᠯᠠᠩ ᠪᠠ ᠳᠠᠷᠢᠵᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠃ | ︵ᠵᠢᠷᠭᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠲᠣᠮᠣ ᠬᠡᠯᠪᠡᠷᠢ ᠶᠢᠨ | ᠪᠠᠷᠢᠯᠭ᠎ᠠ᠂ ᠭᠤᠤᠯᠳᠠᠯᠭ᠎ᠠ ᠲᠠᠢ ᠪᠠᠷᠢᠯᠭ᠎ᠠ᠂ ᠴᠢᠬᠤᠯᠠ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠵᠡᠷᠭᠡ ᠳᠤ | ᠠᠶᠤᠩᠭ᠎ᠠ ᠠᠴᠠ ᠰᠡᠷᠭᠡᠶᠢᠯᠡᠬᠦ ᠲᠣᠨᠤᠭ ᠲᠥᠬᠦᠭᠡᠷᠦᠮᠵᠢ ᠤᠭᠰᠠᠷᠠᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠬᠢᠭᠡᠳ ᠪᠤᠰᠤᠳ | ᠠᠶᠤᠩᠭ᠎ᠠ ᠴᠠᠬᠢᠯᠭᠠᠨ ᠤ ᠭᠠᠮᠰᠢᠭ ᠢ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠳᠣᠤᠷᠠᠬᠢ ᠮᠡᠲᠦ | ᠠᠵᠢᠯ ᠤᠨ ᠬᠤᠪᠢᠶᠠᠷᠢᠯᠠᠯ ᠶᠣᠰᠣᠭᠠᠷ᠂ ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ | ᠰᠠᠶᠢᠲᠤᠷ ᠬᠢᠬᠦ ᠬᠡᠷᠡᠭᠲᠡᠶ᠄ | ︵ᠨᠢᠭᠡ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ ᠬᠠᠮᠢᠶᠠᠷᠬᠤ | ᠪᠠᠶᠢᠭᠤᠯᠤᠮᠵᠢ ᠲᠣᠰᠣᠨ ᠬᠥᠮᠥᠷᠭᠡ᠂ ᠬᠡᠢ ᠶᠢᠨ ᠬᠥᠮᠥᠷᠭᠡ᠂ ᠳᠠᠷᠢ ᠰᠤᠮᠤ ᠶᠢᠨ ᠬᠥᠮᠥᠷᠭᠡ᠂ ᠬᠢᠮᠢ ᠶᠢᠨ ᠪᠣᠳᠠᠰ ᠤᠨ | ᠬᠥᠮᠥᠷᠭᠡ ᠪᠣᠯᠤᠨ ᠬᠤᠸᠠᠷ ᠫᠤᠤᠵᠢᠩ᠂ ᠴᠢᠯᠠᠭᠤᠨ ᠲᠣᠰᠣ ᠬᠢᠮᠢ ᠵᠡᠷᠭᠡ ᠨᠣᠴᠣᠮᠠᠲᠠᠭᠠᠶ ᠳᠡᠯᠪᠡᠷᠡᠮᠡᠲᠡᠭᠡᠶ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠪᠣᠯᠤᠨ ᠲᠠᠯᠠᠪᠤᠷ ᠂ ᠠᠶᠤᠩᠭ᠎ᠠ ᠴᠠᠬᠢᠯᠭᠠᠨ ᠬᠢᠯᠪᠠᠷᠬᠠᠨ ᠡᠭᠦᠰᠬᠦ ᠣᠷᠣᠨ ᠳᠠᠬᠢ | ᠠᠭᠤᠷᠬᠠᠶ ᠶᠢᠨ ᠣᠷᠣᠨ᠂ ᠵᠢᠭᠤᠯᠴᠢᠯᠠᠯ ᠤᠨ ᠭᠠᠵᠠᠷ ᠪᠤᠶᠤ ᠠᠰᠢᠭᠯᠠᠯᠲᠠ ᠳᠤ ᠣᠷᠣᠭᠰᠠᠨ ᠪᠠᠷᠢᠯᠭ᠎ᠠ ︵ᠪᠠᠷᠢᠮᠠᠯ︶᠂ | ᠪᠡᠯᠡᠳᠬᠡᠮᠵᠢ ᠵᠡᠷᠭᠡ ᠠᠶᠤᠩᠭ᠎ᠠ ᠴᠠᠬᠢᠯᠭᠠᠨ ᠢ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠲᠤᠰᠠᠭᠠᠷ | ᠤᠭᠰᠠᠷᠠᠬᠤ ᠴᠢᠬᠤᠯᠠ ᠲᠠᠢ ᠭᠠᠵᠠᠷ ᠵᠢᠴᠢ ᠠᠶᠤᠩᠭ᠎ᠠ ᠴᠠᠬᠢᠯᠭᠠᠨ ᠤ ᠲᠦᠭᠰᠢᠭᠦᠷᠢ ᠶᠡᠬᠡᠲᠡᠶ ᠮᠥᠷᠲᠡᠭᠡᠨ | ᠠᠶᠤᠩᠭ᠎ᠠ ᠠᠴᠠ ᠰᠡᠷᠭᠡᠶᠢᠯᠡᠬᠦ ᠪᠠᠷᠢᠮᠵᠢᠶ᠎ᠠ ᠶᠢᠨ ᠵᠢᠷᠤᠮᠵᠢᠯ ᠦᠭᠡᠶ᠂ ᠣᠨᠴᠠᠭᠠᠢ ᠨᠤᠲᠠᠯᠠᠯᠲᠠ ᠬᠢᠬᠦ ᠴᠢᠬᠤᠯᠠ ᠲᠠᠢ | ᠲᠣᠮᠣ ᠬᠡᠯᠪᠡᠷᠢ ᠶᠢᠨ ᠲᠥᠷᠥᠯ ᠵᠦᠢᠯ ᠤᠨ ᠠᠶᠤᠩᠭ᠎ᠠ ᠴᠠᠬᠢᠯᠭᠠᠨ ᠢ ᠰᠡᠷᠭᠡᠶᠢᠯᠡᠨ ᠬᠠᠮᠠᠭᠠᠯᠠᠬᠤ ᠲᠣᠨᠤᠭ | ᠲᠥᠬᠦᠭᠡᠷᠦᠮᠵᠢ ᠶᠢᠨ ᠵᠢᠷᠤᠭ ᠲᠥᠯᠥᠪᠯᠡᠭᠡ ᠶᠢ ᠬᠢᠨᠠᠨ ᠬᠠᠷᠭᠤᠭᠤᠯᠬᠤ ᠪᠠ ᠪᠠᠷᠢᠯᠭ᠎ᠠ ᠳᠠᠭᠤᠰᠤᠭᠰᠠᠨ ᠢ ᠰᠢᠯᠭᠠᠨ | ᠠᠪᠬᠤ ᠵᠢᠴᠢ ᠲᠡᠭᠦᠨ ᠤ ᠵᠢᠷᠤᠭᠯᠠᠨ ᠲᠥᠯᠥᠪᠯᠡᠵᠦ ᠬᠢᠨᠠᠨ ᠬᠠᠷᠭᠤᠭᠤᠯᠬᠤ ᠪᠠ ᠪᠠᠷᠢᠯᠭ᠎ᠠ ᠳᠠᠭᠤᠰᠤᠭᠰᠠᠨ ᠢ ᠰᠢᠯᠭᠠᠨ | ᠠᠪᠬᠤ ᠶᠢ ᠵᠥᠪᠰᠢᠶᠡᠷᠡᠭᠰᠡᠨ ᠤ ᠳᠠᠷᠠᠭ᠎ᠠ ᠠᠰᠢᠭᠯᠠᠯᠲᠠ ᠳᠤ ᠣᠷᠣᠭᠤᠯᠤᠭᠰᠠᠨ ᠠᠶᠤᠩᠭ᠎ᠠ ᠴᠠᠬᠢᠯᠭᠠᠨ ᠢ ᠰᠡᠷᠭᠡᠶᠢᠯᠡᠨ | ᠬᠠᠮᠠᠭᠠᠯᠠᠬᠤ ᠲᠣᠨᠣᠭᠯᠠᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠢ᠃ | ︵ᠬᠤᠶᠠᠷ︶ ᠭᠡᠷ ᠪᠠᠶᠢᠰᠢᠩ ᠤᠨ ᠪᠠᠷᠢᠯᠭ᠎ᠠ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ᠂ ᠵᠠᠰᠠᠮᠠᠯ | ᠵᠠᠮ᠂ ᠤᠰᠤᠨ ᠵᠠᠮ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠤᠰᠤᠨ ᠠᠰᠢᠭᠯᠠᠯᠲᠠ᠂ ᠴᠠᠬᠢᠯᠭᠠᠨ | ᠬᠦᠴᠦᠨ᠂ ᠴᠥᠮ᠎ᠡ ᠶᠢᠨ ᠴᠠᠬᠢᠯᠭᠠᠨ᠂ ᠴᠢᠮᠡᠭᠡ ᠬᠤᠯᠪᠣᠭ᠎ᠠ ᠵᠡᠷᠭᠡ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠠᠭᠠᠯᠵᠠᠭᠰᠠᠨ ᠬᠦᠷᠢᠶ᠎ᠡ ᠴᠠᠷᠠᠭ᠎ᠠ ᠶᠢᠨ ᠳᠣᠲᠣᠷᠠᠬᠢ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠩᠭ᠎ᠠ ᠠᠴᠠ ᠰᠡᠷᠭᠡᠶᠢᠯᠡᠬᠦ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠢ᠃ | ︵ᠭᠤᠷᠪᠠ︶ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠬᠡᠨ ᠬᠢᠨᠠᠨ ᠵᠥᠪᠰᠢᠶᠡᠷᠡᠪᠡᠯ᠂ ᠬᠡᠨ | ᠬᠠᠷᠢᠭᠤᠴᠠᠵᠤ᠂ ᠬᠡᠨ ᠬᠢᠨᠠᠨ ᠬᠠᠮᠢᠶᠠᠷᠬᠤ ᠵᠠᠷᠴᠢᠮ ᠶᠣᠰᠣᠭᠠᠷ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠠᠶᠤᠩᠭ᠎ᠠ ᠠᠴᠠ ᠰᠡᠷᠭᠡᠶᠢᠯᠡᠬᠦ ᠶᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠲᠦᠮᠵᠢᠲᠡᠶ | ᠠᠷᠭ᠎ᠠ ᠬᠡᠮᠵᠢᠶ᠎ᠡ ᠠᠪᠴᠤ᠂ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ | ᠪᠠᠷᠢᠯᠭ᠎ᠠ ︵ᠪᠠᠷᠢᠮᠠᠯ︶᠂ ᠲᠠᠯᠠᠪᠤᠷ ᠪᠣᠯᠤᠨ ᠪᠡᠯᠡᠳᠬᠡᠮᠵᠢ ᠶᠢᠨ ᠠᠶᠤᠩᠭ᠎ᠠ ᠴᠠᠬᠢᠯᠭᠠᠨ ᠢ ᠰᠡᠷᠭᠡᠶᠢᠯᠡᠨ ᠬᠠᠮᠠᠭᠠᠯᠠᠬᠤ | ᠲᠣᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠵᠢᠷᠤᠭ ᠲᠥᠯᠥᠪᠯᠡᠭᠡ᠂ ᠪᠠᠷᠢᠯᠭ᠎ᠠ᠂ ᠬᠢᠨᠠᠨ ᠬᠠᠮᠢᠶᠠᠷᠤᠯᠲᠠ | ᠂ ᠪᠠᠶᠢᠴᠠᠭᠠᠨ ᠬᠡᠮᠵᠢᠬᠦ ᠪᠠᠶᠢᠭᠤᠯᠤᠮᠵᠢ ᠵᠢᠴᠢ ᠥᠮᠴᠢᠲᠡᠨ ᠨᠢᠭᠡᠴᠢ ᠶᠢᠨ ᠠᠶᠤᠩᠭ᠎ᠠ ᠴᠠᠬᠢᠯᠭᠠᠨ ᠢ ᠰᠡᠷᠭᠡᠶᠢᠯᠡᠨ | ᠬᠠᠮᠠᠭᠠᠯᠠᠬᠤ ᠲᠣᠨᠤᠭ ᠲᠥᠬᠦᠭᠡᠷᠦᠮᠵᠢ ᠶᠢᠨ ᠶᠠᠰᠤ ᠴᠢᠨᠠᠷ ᠤᠨ ᠠᠶᠤᠯᠭᠦᠢ ᠶᠢᠨ ᠲᠠᠯ᠎ᠠ ᠪᠠᠷ ᠬᠢ ᠬᠠᠷᠠᠭᠠᠯᠵᠠᠭᠰᠠᠨ | ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ ᠨᠠᠶᠢᠳᠠᠪᠤᠷᠢᠵᠢᠭᠤᠯᠬᠤ ᠬᠡᠷᠡᠭᠲᠡᠢ᠃ ᠠᠶᠤᠩᠭ᠎ᠠ ᠴᠠᠬᠢᠯᠭᠠᠨ ᠤ | ᠰᠡᠷᠭᠡᠶᠢᠯᠡᠯᠲᠡ ᠬᠠᠮᠠᠭᠠᠯᠠᠯᠲᠠ ᠶᠢᠨ ᠲᠣᠨᠤᠭ ᠲᠥᠬᠦᠭᠡᠷᠦᠮᠵᠢ ᠶᠢ ᠳᠠᠯᠳᠠᠯᠠᠬᠤ ᠢᠨᠵᠧᠨᠧᠷᠢᠩ ᠳᠤ ᠬᠤᠯᠪᠣᠭᠳᠠᠭᠰᠠᠨ | ᠪᠠᠶᠢᠪᠠᠯ᠂ ᠳᠠᠯᠳᠠᠯᠠᠬᠤ ᠠᠴᠠ ᠡᠮᠦᠨ᠎ᠡ ᠬᠠᠤᠯᠢ ᠶᠣᠰᠣᠭᠠᠷ ᠬᠠᠷᠠᠭᠠᠯᠵᠠᠭᠰᠠᠨ ᠰᠢᠯᠭᠠᠨ ᠪᠠᠶᠢᠴᠠᠭᠠᠯᠲᠠ ᠪᠠ ᠪᠠᠶᠢᠴᠠᠭᠠᠨ | ᠬᠡᠮᠵᠢᠯᠲᠡ ᠬᠢᠬᠦ ᠬᠡᠷᠡᠭᠲᠡᠶ᠃ | ᠠᠷᠪᠠᠨ ᠲᠠᠪᠤᠳᠤᠭᠠᠷ ᠵᠦᠢᠯ ᠡᠯ᠎ᠡ ᠲᠥᠷᠥᠯ ᠤᠨ ᠪᠠᠷᠢᠯᠭ᠎ᠠ ︵ᠪᠠᠷᠢᠮᠠᠯ︶ ᠶᠢᠨ ᠵᠦᠢᠯ᠂ ᠲᠠᠯᠠᠪᠤᠷ ᠪᠣᠯᠤᠨ | ᠪᠡᠯᠡᠳᠬᠡᠮᠵᠢ ᠳᠤ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠨᠢ ᠤᠯᠤᠰ ᠤᠨ | ᠠᠶᠤᠩᠭ᠎ᠠ ᠠᠴᠠ ᠰᠡᠷᠭᠡᠶᠢᠯᠡᠬᠦ ᠬᠤᠯᠪᠣᠭᠳᠠᠯ ᠪᠦᠬᠦᠢ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ | ᠃ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠᠷᠢᠯᠭ᠎ᠠ ︵ᠪᠠᠷᠢᠮᠠᠯ︶᠂ | ᠲᠠᠯᠠᠪᠤᠷ ᠪᠣᠯᠤᠨ ᠪᠡᠯᠡᠳᠬᠡᠮᠵᠢ ᠶᠢᠨ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ | ᠲᠥᠬᠦᠭᠡᠷᠦᠮᠵᠢ ᠶᠢ ᠭᠤᠤᠯ ᠴᠣᠭᠴᠠ ᠪᠠᠷᠢᠯᠭ᠎ᠠ ᠯᠤᠭ᠎ᠠ ᠵᠡᠷᠭᠡ ᠳᠤ ᠨᠢ ᠵᠢᠷᠤᠭᠯᠠᠨ ᠲᠥᠯᠥᠪᠯᠡᠵᠦ᠂ ᠵᠡᠷᠭᠡ ᠳᠤ ᠨᠢ | ᠪᠠᠶᠢᠭᠤᠯᠵᠤ᠂ ᠵᠡᠷᠭᠡ ᠳᠤ ᠨᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠬᠡᠷᠡᠭᠲᠡᠶ᠃ | ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠨᠢᠭᠡᠨᠲᠡ ᠪᠠᠶᠢᠭᠤᠯᠤᠭᠰᠠᠨ ᠲᠠᠯᠠᠪᠤᠷ ᠪᠣᠯᠤᠨ | ᠪᠡᠯᠡᠳᠬᠡᠮᠵᠢ ᠶᠢ ᠤᠯᠤᠰ᠂ ᠣᠷᠣᠨ ᠨᠤᠲᠤᠭ ᠪᠣᠯᠤᠨ ᠠᠵᠢᠯ ᠲᠥᠷᠥᠯ ᠤᠨ ᠠᠶᠤᠩᠭ᠎ᠠ ᠠᠴᠠ ᠰᠡᠷᠭᠡᠶᠢᠯᠡᠬᠦ | ᠬᠤᠯᠪᠣᠭᠳᠠᠯ ᠪᠦᠬᠦᠢ ᠪᠠᠷᠢᠮᠵᠢᠶ᠎ᠠ ᠵᠢᠴᠢ ᠲᠣᠭᠲᠠᠭᠠᠯ ᠶᠣᠰᠣᠭᠠᠷ ᠠᠶᠤᠩᠭ᠎ᠠ ᠴᠠᠬᠢᠯᠭᠠᠨ ᠠᠴᠠ ᠰᠡᠷᠭᠡᠶᠢᠯᠡᠨ | ᠬᠠᠮᠠᠭᠠᠯᠠᠬᠤ ᠲᠣᠨᠤᠭ ᠲᠥᠬᠦᠭᠡᠷᠦᠮᠵᠢ ᠲᠣᠬᠢᠷᠠᠭᠤᠯᠤᠨ ᠪᠠᠶᠢᠭᠤᠯᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠬᠢᠭᠡᠳ ᠠᠶᠤᠩᠭ᠎ᠠ ᠴᠠᠬᠢᠯᠭᠠᠨ ᠤ ᠭᠠᠮᠰᠢᠭ ᠢ | ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠵᠣᠬᠢᠶᠠᠨ ᠪᠠᠶᠢᠭᠤᠯᠬᠤ᠂ ᠬᠢᠨᠠᠯᠲᠠ | ᠲᠠᠯᠪᠢᠬᠤ᠂ ᠵᠢᠯᠣᠭᠤᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ | ᠠᠷᠪᠠᠨ ᠵᠢᠷᠭᠤᠳᠤᠭᠠᠷ ᠵᠦᠢᠯ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ | ᠲᠥᠬᠦᠭᠡᠷᠦᠮᠵᠢ ᠶᠢᠨ ᠪᠠᠷᠢᠯᠭ᠎ᠠ᠂ ᠲᠠᠯᠠᠪᠤᠷ ᠪᠣᠯᠤᠨ ᠪᠡᠯᠡᠳᠬᠡᠮᠵᠢ ᠤᠭᠰᠠᠷᠠᠬᠤ ᠳᠤ ᠬᠡᠷᠡᠭᠯᠡᠬᠦ ᠨᠢᠭᠡᠴᠢ ᠠᠴᠠ ᠲᠤᠰᠬᠠᠶ | ᠬᠥᠮᠦᠨ ᠲᠣᠭᠲᠠᠭᠠᠵᠤ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠣᠭᠯᠠᠯ ᠤᠨ ᠡᠳᠦᠷ ᠲᠤᠲᠤᠮ ᠤᠨ | ᠬᠠᠮᠠᠭᠠᠯᠠᠯᠲᠠ ᠶᠢ ᠬᠠᠷᠢᠭᠤᠴᠠᠵᠤ᠂ ᠬᠠᠷᠠᠭᠠᠯᠵᠠᠭᠰᠠᠨ ᠬᠢᠷᠢ ᠭᠡᠮ ᠲᠠᠢ ᠠᠶᠤᠩᠭ᠎ᠠ ᠴᠠᠬᠢᠯᠭᠠᠨ ᠠᠴᠠ ᠰᠡᠷᠭᠡᠶᠢᠯᠡᠨ | ᠬᠠᠮᠠᠭᠠᠯᠠᠬᠤ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠨᠠᠶᠢᠳᠠᠵᠤ ᠲᠣᠭᠲᠠᠭᠰᠠᠨ | ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠬᠡᠷᠡᠭᠲᠡᠶ᠃ | ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ | ᠲᠣᠨᠤᠭ ᠲᠥᠬᠦᠭᠡᠷᠦᠮᠵᠢ ᠶᠢᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠪᠠ ᠨᠠᠶᠢᠳᠠᠵᠤ ᠪᠠᠶᠢᠴᠠᠭᠠᠨ ᠬᠡᠮᠵᠢᠬᠦ | ᠠᠵᠢᠯ ᠢ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠪᠤᠶᠤ ᠰᠠᠭᠤᠭᠠᠯᠢ ᠠᠷᠠᠳ ᠤᠨ ᠣᠷᠣᠨ | ᠰᠠᠭᠤᠴᠠ ᠶᠢᠨ ᠭᠤᠤᠯᠴᠢᠯᠠᠨ ᠬᠠᠮᠢᠶᠠᠷᠬᠤ ᠨᠢᠭᠡᠴᠢ ᠠᠴᠠ ᠬᠠᠷᠢᠭᠤᠴᠠᠨ᠎ᠠ᠃ ᠠᠳᠠᠯ ᠠᠬᠤᠶ ᠶᠢᠨ ᠦᠢᠯᠡᠴᠢᠯᠡᠭᠡᠨ ᠤ | ᠭᠡᠷ᠎ᠡ ᠳᠤ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠣᠭᠯᠠᠯ ᠤᠨ ᠬᠠᠮᠢᠶᠠᠷᠤᠯᠲᠠ ᠶᠢᠨ ᠠᠭᠤᠯᠭ᠎ᠠ ᠶᠢ | ᠲᠣᠭᠲᠠᠭᠠᠭᠰᠠᠨ ᠦᠭᠡᠶ ᠪᠤᠶᠤ ᠲᠣᠭᠲᠠᠭᠠᠭᠰᠠᠨ ᠨᠢ ᠲᠣᠳᠣᠷᠬᠠᠶ ᠦᠭᠡᠶ ᠪᠠᠶᠢᠪᠠᠯ᠂ ᠥᠮᠴᠢᠯᠡᠬᠦ ᠡᠷᠬᠡᠲᠦ ᠬᠥᠮᠦᠨ ᠨᠢ | ᠠᠳᠠᠯ ᠠᠬᠤᠶ ᠶᠢᠨ ᠦᠢᠯᠡᠴᠢᠯᠡᠭᠡᠨ ᠤ ᠡᠵᠡᠩᠨᠡᠯᠲᠡ ᠶᠢᠨ ᠨᠢᠭᠡᠴᠢ ᠯᠦᠭᠡ ᠨᠦᠬᠦᠨ ᠲᠣᠭᠲᠠᠭᠠᠵᠤ ᠪᠣᠯᠤᠨ᠎ᠠ᠃ | ᠨᠣᠴᠣᠮᠠᠲᠠᠭᠠᠶ ᠳᠡᠯᠪᠡᠷᠡᠮᠡᠲᠡᠭᠡᠶ ᠵᠡᠷᠭᠡ ᠠᠶᠤᠯ ᠶᠡᠬᠡᠲᠡᠶ ᠲᠠᠯᠠᠪᠤᠷ ᠤᠨ ᠠᠶᠤᠩᠭ᠎ᠠ ᠴᠠᠬᠢᠯᠭᠠᠨ ᠠᠴᠠ ᠰᠡᠷᠭᠡᠶᠢᠯᠡᠨ | ᠬᠠᠮᠠᠭᠠᠯᠠᠬᠤ ᠲᠣᠨᠣᠭᠯᠠᠯ ᠢ ᠬᠠᠭᠠᠰ ᠵᠢᠯ ᠳᠤ ᠨᠢᠭᠡ ᠤᠳᠠᠭ᠎ᠠ ᠰᠢᠯᠭᠠᠨ ᠪᠠᠶᠢᠴᠠᠭᠠᠵᠤ᠂ ᠪᠤᠰᠤᠳ ᠠᠶᠤᠩᠭ᠎ᠠ | ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠳᠤ ᠵᠢᠯ ᠪᠦᠷᠢ ᠨᠢᠭᠡ ᠤᠳᠠᠭ᠎ᠠ ᠰᠢᠯᠭᠠᠨ ᠪᠠᠶᠢᠴᠠᠭᠠᠬᠤ | ᠬᠡᠷᠡᠭᠲᠡᠶ᠃ | ᠠᠷᠪᠠᠨ ᠳᠣᠯᠣᠳᠤᠭᠠᠷ ᠵᠦᠢᠯ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ | ᠲᠥᠬᠦᠭᠡᠷᠦᠮᠵᠢ ᠶᠢ ᠪᠠᠶᠢᠴᠠᠭᠠᠨ ᠬᠡᠮᠵᠢᠬᠦ ᠪᠠᠶᠢᠭᠤᠯᠤᠮᠵᠢ ᠤᠯᠤᠰ ᠤᠨ ᠲᠣᠭᠲᠠᠭᠠᠯ ᠶᠣᠰᠣᠭᠠᠷ ᠲᠥᠷᠥ ᠶᠢᠨ | ᠶᠠᠪᠤᠳᠠᠯ ᠤᠨ ᠬᠤᠷᠢᠶᠠᠨ ᠤ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠪᠤᠶᠤ ᠥᠪᠡᠷᠲᠡᠭᠡᠨ ᠵᠠᠰᠠᠬᠤ | ᠣᠷᠣᠨ ᠤ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠣᠯᠭᠤᠭᠰᠠᠨ ᠬᠢᠷᠢ ᠭᠡᠮ ᠤᠨ ᠦᠨᠡᠮᠯᠡᠯ ᠢ | ᠣᠯᠬᠤ ᠶᠢᠨ ᠬᠠᠮᠲᠤ ᠬᠢᠷᠢ ᠭᠡᠮ ᠤᠨ ᠵᠡᠷᠭᠡ ᠲᠠᠰ ᠤᠨ ᠬᠡᠪᠴᠢᠶᠡᠨ ᠳᠣᠲᠣᠷ᠎ᠠ ᠠᠶᠤᠩᠭ᠎ᠠ ᠠᠴᠠ ᠰᠡᠷᠭᠡᠶᠢᠯᠡᠬᠦ | ᠪᠠᠶᠢᠴᠠᠭᠠᠨ ᠬᠡᠮᠵᠢᠬᠦ ᠠᠵᠢᠯ ᠢ ᠬᠢᠵᠦ᠂ ᠲᠤᠬᠠᠶ ᠶᠢᠨ ᠭᠠᠵᠠᠷ ᠤᠨ ᠴᠠᠭ ᠠᠭᠤᠷ ᠤᠨ ᠭᠤᠤᠯᠴᠢᠯᠠᠨ ᠬᠠᠮᠢᠶᠠᠷᠬᠤ | ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠬᠦᠯᠢᠶᠡᠬᠦ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ | ᠲᠥᠬᠦᠭᠡᠷᠦᠮᠵᠢ ᠶᠢ ᠪᠠᠶᠢᠴᠠᠭᠠᠨ ᠬᠡᠮᠵᠢᠬᠦ ᠪᠠᠶᠢᠭᠤᠯᠤᠮᠵᠢ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ | ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠭᠰᠠᠨ ᠤ ᠳᠠᠷᠠᠭ᠎ᠠ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ | ᠭᠠᠷᠭᠠᠬᠤ ᠶᠢᠨ ᠬᠠᠮᠲᠤ ᠰᠢᠯᠭᠠᠨ ᠪᠠᠶᠢᠴᠠᠭᠠᠭᠰᠠᠨ ᠦᠷ᠎ᠡ ᠳ᠋ᠦᠩ ᠳᠤ ᠬᠠᠷᠢᠭᠤᠴᠠᠬᠤ ᠬᠡᠷᠡᠭᠲᠡᠢ᠃ ᠰᠢᠯᠭᠠᠨ | ᠪᠠᠶᠢᠴᠠᠭᠠᠬᠤ ᠳᠤ ᠬᠢᠷᠢ ᠲᠡᠩᠴᠡᠭᠰᠡᠨ ᠦᠭᠡᠶ ᠪᠠᠶᠢᠪᠠᠯ᠂ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ | ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠠᠴᠠ ᠰᠢᠯᠭᠠᠨ ᠪᠠᠶᠢᠴᠠᠭᠠᠭᠰᠠᠨ ᠮᠡᠳᠡᠭᠦᠯᠦᠯᠲᠡ | ᠭᠠᠷᠭᠠᠬᠤ ᠶᠢᠨ ᠵᠡᠷᠭᠡ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ ᠲᠤᠬᠠᠶ ᠶᠢᠨ ᠭᠠᠵᠠᠷ ᠤᠨ ᠴᠠᠭ ᠠᠭᠤᠷ ᠤᠨ | ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠳᠤ ᠬᠠᠭᠤᠯᠤᠨ ᠢᠯᠡᠭᠡᠵᠦ᠂ ᠴᠠᠭ ᠠᠭᠤᠷ ᠤᠨ ᠭᠤᠤᠯᠴᠢᠯᠠᠨ ᠬᠠᠮᠢᠶᠠᠷᠬᠤ | ᠪᠠᠶᠢᠭᠤᠯᠤᠮᠵᠢ ᠨᠢ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠬᠡᠷᠡᠭᠯᠡᠭᠰᠡᠨ | ᠨᠢᠭᠡᠴᠢ ᠶᠢ ᠵᠠᠷᠯᠢᠭᠳᠠᠵᠤ ᠬᠤᠭᠤᠴᠠᠭ᠎ᠠ ᠲᠣᠭᠲᠠᠭᠠᠨ ᠵᠠᠯᠠᠷᠠᠭᠤᠯᠬᠤ ᠬᠡᠷᠡᠭᠲᠡᠶ᠃ | ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ | ᠪᠠᠶᠢᠭᠤᠯᠤᠮᠵᠢ ᠠᠶᠤᠩᠭ᠎ᠠ ᠠᠴᠠ ᠰᠡᠷᠭᠡᠶᠢᠯᠡᠬᠦ ᠬᠤᠯᠪᠣᠭᠳᠠᠯ ᠪᠦᠬᠦᠢ ᠪᠠᠷᠢᠮᠵᠢᠶ᠎ᠠ ᠪᠣᠯᠤᠨ ᠵᠢᠷᠤᠮᠵᠢᠯ ᠶᠣᠰᠣᠭᠠᠷ | ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠠᠵᠢᠯ ᠢ | ᠥᠷᠨᠢᠭᠦᠯᠬᠦ ᠶᠢᠨ ᠬᠠᠮᠲᠤ ᠰᠢᠯᠭᠠᠨ ᠪᠠᠶᠢᠴᠠᠭᠠᠨ ᠮᠡᠳᠡᠭᠦᠯᠦᠯᠲᠡ ᠪᠠᠨ ᠴᠠᠭ ᠲᠤᠬᠠᠶ ᠳᠤ ᠨᠢ ᠠᠶᠤᠩᠭ᠎ᠠ ᠠᠴᠠ | ᠰᠡᠷᠭᠡᠶᠢᠯᠡᠬᠦ ᠠᠶᠤᠯᠭᠦᠢ ᠶᠢᠨ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠳᠠᠮᠵᠢᠭᠤᠯᠬᠤ | ᠬᠡᠷᠡᠭᠲᠡᠶ᠃ | ᠠᠷᠪᠠ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ | ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠵᠢᠴᠢ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ | ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠪᠤᠰᠤᠳ ᠰᠠᠯᠠᠭ᠎ᠠ ᠮᠥᠴᠢᠷ ᠨᠢ | ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢᠨ ᠠᠵᠢᠯ ᠢ ᠲᠤᠰ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ | ᠶᠡᠷᠦᠩᠬᠡᠶᠢᠯᠡᠭᠰᠡᠨ ᠬᠢᠨᠠᠯᠲᠠ᠂ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠶ᠃ | ᠬᠠᠮᠵᠢᠯᠴᠠᠨ ᠬᠢᠨᠠᠨ ᠬᠠᠮᠢᠶᠠᠷᠬᠤ ᠪᠠ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ ᠠᠶᠤᠩᠭ᠎ᠠ | ᠴᠠᠬᠢᠯᠭᠠᠨ ᠢ ᠰᠡᠷᠭᠡᠶᠢᠯᠡᠬᠦ ᠠᠶᠤᠯᠭᠦᠢ ᠶᠢᠨ ᠬᠠᠮᠲᠤᠷᠠᠭᠰᠠᠨ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢ ᠲᠣᠭᠲᠠᠭᠰᠠᠨ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠰᠡᠷᠭᠡᠶᠢᠯᠡᠬᠦ ᠬᠡᠷᠡᠭᠲᠡᠶ᠃ | ᠬᠤᠷᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ | ᠬᠠᠮᠢᠶᠠᠷᠬᠤ ᠪᠠᠶᠢᠭᠤᠯᠤᠮᠵᠢ ᠨᠢ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ | ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠠᠵᠢᠯ ᠡᠷᠬᠢᠯᠡᠬᠦ ᠮᠡᠳᠡᠭᠡ ᠶᠢᠨ ᠳᠠᠩᠰᠠ ᠡᠪᠬᠡᠮᠡᠯ ᠢ ᠪᠠᠶᠢᠭᠤᠯᠵᠤ᠂ ᠠᠵᠢᠯ | ᠲᠥᠷᠥᠯ ᠤᠨ ᠢᠲᠡᠭᠡᠮᠵᠢ ᠶᠢᠨ ᠦᠨᠡᠯᠡᠯᠲᠡ ᠬᠢᠬᠦ ᠬᠡᠷᠡᠭᠲᠡᠶ᠃ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ | ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠠᠵᠢᠯ ᠡᠷᠬᠢᠯᠡᠬᠦ ᠢᠲᠡᠭᠡᠮᠵᠢ ᠶᠢᠨ ᠮᠡᠳᠡᠭᠡ | ᠵᠠᠩᠭᠢ ᠪᠣᠯᠤᠨ ᠢᠲᠡᠭᠡᠮᠵᠢ ᠶᠢᠨ ᠦᠨᠡᠯᠡᠯᠲᠡ ᠶᠢᠨ ᠪᠠᠶᠢᠳᠠᠯ ᠢ ᠲᠣᠭᠲᠠᠭᠠᠯ ᠶᠣᠰᠣᠭᠠᠷ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠵᠤ᠂ ᠨᠡᠶᠢᠭᠡᠮ ᠤᠨ ᠢᠲᠡᠭᠡᠮᠵᠢ ᠶᠢᠨ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠂ ᠬᠠᠤᠯᠢ ᠶᠣᠰᠣᠭᠠᠷ ᠨᠡᠶᠢᠭᠡᠮ ᠳᠤ ᠨᠡᠶᠢᠲᠡᠯᠡᠬᠦ ᠬᠡᠷᠡᠭᠲᠡᠶ᠃ | ᠬᠤᠷᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ | ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠶᠤᠩᠭ᠎ᠠ | ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠪᠠᠶᠢᠴᠠᠭᠠᠨ ᠬᠡᠮᠵᠢᠬᠦ ᠠᠵᠢᠯᠯᠠᠭ᠎ᠠ ᠳᠤ | ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠬᠤᠯᠪᠣᠭᠳᠠᠯ ᠪᠦᠬᠦᠢ ᠨᠢᠭᠡᠴᠢ ᠪᠣᠯᠤᠨ ᠬᠤᠪᠢ ᠬᠥᠮᠦᠨ ᠬᠠᠮᠵᠢᠯᠴᠠᠬᠤ | ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ ᠬᠠᠮᠢᠶᠠᠷᠬᠤ | ᠪᠠᠶᠢᠭᠤᠯᠤᠮᠵᠢ ᠨᠢ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠥᠷᠨᠢᠭᠦᠯᠬᠦ ᠳᠤ ᠪᠠᠨ ᠤᠯᠤᠰ᠂ ᠥᠪᠡᠷᠲᠡᠭᠡᠨ ᠵᠠᠰᠠᠬᠤ | ᠣᠷᠣᠨ ᠪᠣᠯᠤᠨ ᠲᠤᠰ ᠱᠠᠲᠤᠨ ᠤ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠦᠰᠦᠭ ᠪᠢᠴᠢᠭ᠂ ᠳᠦᠷᠰᠦ | ᠰᠢᠩᠭᠡᠭᠡᠬᠦ ᠵᠡᠷᠭᠡ ᠠᠷᠭ᠎ᠠ ᠮᠠᠶ᠋ᠢᠭ ᠢᠶᠠᠷ ᠬᠢᠨᠠᠯᠲᠠ ᠲᠠᠯᠪᠢᠵᠤ ᠪᠠᠶᠢᠴᠠᠭᠠᠬᠤ ᠪᠦᠬᠦ ᠶᠠᠪᠤᠴᠠ ᠶᠢ ᠲᠡᠮᠳᠡᠭᠯᠡᠨ᠂ | ᠣᠷᠣᠰᠢᠵᠤ ᠪᠠᠶᠢᠭ᠎ᠠ ᠠᠰᠠᠭᠤᠳᠠᠯ ᠢ ᠰᠢᠯᠭᠠᠨ ᠪᠠᠶᠢᠴᠠᠭᠠᠭᠳᠠᠬᠤ ᠨᠢᠭᠡᠴᠢ ᠪᠣᠯᠤᠨ ᠠᠶᠤᠩᠭ᠎ᠠ ᠴᠠᠬᠢᠯᠭᠠᠨ ᠠᠴᠠ | ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠪᠢᠴᠢᠭ ᠢᠶᠠᠷ | ᠮᠡᠳᠡᠭᠳᠡᠬᠦ ᠶᠢᠨ ᠬᠠᠮᠲᠤ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠭᠤᠯᠤᠨ | ᠢᠯᠡᠭᠡᠬᠦ ᠬᠡᠷᠡᠭᠲᠡᠶ᠃ | ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ | ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠰᠢᠯᠭᠠᠨ ᠪᠠᠶᠢᠴᠠᠭᠠᠬᠤ ᠪᠠᠶᠢᠭᠤᠯᠤᠮᠵᠢ ᠨᠢ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠬᠦᠯᠢᠶᠡᠬᠦ | ᠦᠭᠡᠶ᠂ ᠰᠢᠯᠭᠠᠨ ᠪᠠᠶᠢᠴᠠᠭᠠᠬᠤ ᠳᠤ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ | ᠲᠥᠬᠦᠭᠡᠷᠦᠮᠵᠢ ᠶᠢ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠶ ᠮᠡᠳᠡᠭᠦᠯᠦᠯᠲᠡ ᠶᠢᠨ ᠦᠷ᠎ᠡ ᠳ᠋ᠦᠩ ᠢ | ᠰᠠᠭᠤᠭ᠎ᠠ ᠭᠠᠵᠠᠷ ᠤᠨ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠳᠤ ᠱᠠᠭᠠᠷᠳᠠᠯᠭ᠎ᠠ ᠶᠣᠰᠣᠭᠠᠷ | ᠬᠠᠭᠤᠯᠤᠨ ᠬᠦᠷᠭᠡᠭᠰᠡᠨ ᠦᠭᠡᠶ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠪᠠᠨ ᠠᠶᠤᠩᠭ᠎ᠠ ᠠᠴᠠ ᠰᠡᠷᠭᠡᠶᠢᠯᠡᠬᠦ | ᠠᠶᠤᠯᠭᠦᠢ ᠶᠢᠨ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠱᠠᠭᠠᠷᠳᠠᠯᠭ᠎ᠠ ᠶᠣᠰᠣᠭᠠᠷ | ᠳᠠᠮᠵᠢᠭᠤᠯᠤᠭᠰᠠᠨ ᠦᠭᠡᠶ ᠪᠣᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ | ᠬᠠᠮᠢᠶᠠᠷᠬᠤ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠤ ᠵᠠᠷᠯᠠᠬᠤ ᠬᠡᠷᠡᠭᠲᠡᠶ᠃ | ᠬᠤᠷᠢᠨ ᠬᠤᠶᠠᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠪᠣᠳᠠᠲᠠᠶ ᠰᠢᠢᠳᠬᠡᠨ ᠲᠣᠷᠭᠠᠬᠤ ᠲᠣᠭᠲᠠᠭᠠᠯ | ᠭᠠᠷᠭᠠᠭᠰᠠᠨ ᠪᠠᠶᠢᠪᠠᠯ ᠲᠡᠷᠡ ᠲᠣᠭᠲᠠᠭᠠᠯ ᠢᠶᠠᠷ ᠬᠡᠷᠡᠭᠵᠢᠭᠦᠯᠦᠨ᠎ᠡ᠃ | ᠬᠤᠷᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ | ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠠᠶᠤᠩᠭ᠎ᠠ | ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ | ᠭᠠᠷᠭᠠᠭᠰᠠᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ | ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠳᠤ ᠮᠡᠳᠡᠭᠳᠡᠬᠦ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠲᠤᠰ ᠠᠷᠭ᠎ᠠ ᠳᠤ ᠳᠣᠤᠷᠠᠬᠢ ᠬᠡᠯᠡᠯᠭᠡ ᠶᠢᠨ ᠤᠳᠬ᠎ᠠ ᠨᠢ᠄ | ᠲᠤᠰ ᠠᠷᠭ᠎ᠠ ᠳᠤ ᠬᠡᠯᠡᠵᠦ ᠪᠠᠶᠢᠭ᠎ᠠ ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠭᠡᠳᠡᠭ ᠨᠢ | ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠪᠠ ᠬᠥᠩᠭᠡᠷᠡᠭᠦᠯᠬᠦ ᠠᠵᠢᠯᠯᠠᠭ᠎ᠠ ᠶᠢ ᠵᠢᠭᠠᠵᠤ ᠪᠤᠶ᠂ ᠡᠭᠦᠨ ᠳᠤ | ᠠᠶᠤᠩᠭ᠎ᠠ ᠴᠠᠬᠢᠯᠭᠠᠨ ᠪᠠ ᠠᠶᠤᠩᠭ᠎ᠠ ᠴᠠᠬᠢᠯᠭᠠᠨ ᠤ ᠭᠠᠮᠰᠢᠭ ᠤᠨ ᠰᠤᠳᠤᠯᠤᠯᠲᠠ᠂ ᠬᠢᠨᠠᠨ ᠬᠡᠮᠵᠢᠯᠲᠡ᠂ | ᠰᠡᠷᠡᠮᠵᠢᠯᠡᠭᠦᠯᠦᠯ᠂ ᠰᠡᠷᠭᠡᠶᠢᠯᠡᠨ ᠬᠠᠮᠠᠭᠠᠯᠠᠯᠲᠠ᠂ ᠪᠠᠴᠢᠮ ᠪᠠᠶᠢᠳᠠᠯ ᠤᠨ ᠠᠷᠭᠠᠴᠠᠭᠠᠯᠲᠠ ᠵᠢᠴᠢ ᠠᠶᠤᠩᠭ᠎ᠠ | ᠴᠠᠬᠢᠯᠭᠠᠨ ᠤ ᠭᠠᠮᠰᠢᠭ ᠢ ᠪᠠᠶᠢᠴᠠᠭᠠᠨ ᠰᠤᠳᠤᠯᠬᠤ᠂ ᠬᠢᠨᠠᠨ ᠲᠣᠭᠲᠠᠭᠠᠬᠤ᠂ ᠠᠶᠤᠯ ᠲᠦᠭᠰᠢᠭᠦᠷᠢ ᠶᠢ ᠦᠨᠡᠯᠡᠬᠦ ᠪᠠ | ᠠᠪᠤᠷᠠᠨ ᠲᠤᠰᠠᠯᠠᠬᠤ ᠪᠠᠭᠲᠠᠨ᠎ᠠ᠃ | ᠠᠶᠤᠩᠭ᠎ᠠ ᠴᠠᠬᠢᠯᠭᠠᠨ ᠠᠴᠠ ᠰᠡᠷᠭᠡᠶᠢᠯᠡᠵᠦ ᠬᠠᠮᠠᠭᠠᠯᠠᠬᠤ ᠲᠣᠨᠤᠭ ᠲᠥᠬᠦᠭᠡᠷᠦᠮᠵᠢ ᠭᠡᠳᠡᠭ ᠨᠢ ᠠᠶᠤᠩᠭ᠎ᠠ ᠶᠢᠨ | ᠰᠢᠭᠤᠳ ᠨᠢᠷᠭᠡᠯᠲᠡ ᠠᠴᠠ ᠰᠡᠷᠭᠡᠶᠢᠯᠡᠬᠦ ᠳᠤ ᠬᠡᠷᠡᠭᠯᠡᠬᠦ ᠭᠠᠳᠠᠷ ᠲᠣᠨᠤᠭ ᠲᠥᠬᠦᠭᠡᠷᠦᠮᠵᠢ ᠵᠢᠴᠢ ᠠᠶᠤᠩᠭ᠎ᠠ | ᠴᠠᠬᠢᠯᠭᠠᠨ ᠤ ᠭᠦᠶᠦᠳᠡᠯ ᠤᠨ ᠪᠤᠶ ᠪᠣᠯᠭᠠᠭᠰᠠᠨ ᠴᠠᠬᠢᠯᠭᠠᠨ ᠰᠣᠷᠢᠨᠵᠢᠨ ᠨᠥᠯᠥᠭᠡ ᠶᠢ ᠪᠠᠭᠠᠰᠬᠠᠬᠤ ᠪᠠ | ᠰᠡᠷᠭᠡᠶᠢᠯᠡᠬᠦ ᠳᠤ ᠬᠡᠷᠡᠭᠯᠡᠬᠦ ᠳᠣᠲᠣᠷ ᠲᠥᠬᠦᠭᠡᠷᠦᠮᠵᠢ ᠪᠠᠷ ᠪᠦᠷᠢᠯᠳᠦᠭᠰᠡᠨ ᠪᠡᠯᠡᠳᠬᠡᠮᠵᠢ ᠪᠣᠯᠤᠨ ᠰᠢᠰᠲ᠋ᠧᠮ ᠢ ᠵᠢᠭᠠᠵᠤ | ᠪᠤᠶ᠃ ᠭᠠᠳᠠᠷ ᠲᠥᠬᠦᠭᠡᠷᠦᠮᠵᠢ ᠨᠢ ᠭᠢᠯᠪᠠᠭᠠᠨ ᠤ ᠵᠠᠯᠭᠠᠭᠤᠷ᠂ ᠳᠤᠷᠤᠭᠰᠢ ᠳᠠᠮᠵᠢᠭᠤᠯᠬᠤ ᠤᠲᠠᠰᠤ ᠪᠠ ᠭᠠᠵᠠᠷ | ᠵᠠᠯᠭᠠᠬᠤ ᠲᠥᠬᠦᠭᠡᠷᠦᠮᠵᠢ ᠵᠡᠷᠭᠡ ᠪᠠᠷ ᠪᠦᠷᠢᠯᠳᠦᠨ᠎ᠡ᠃ ᠳᠣᠲᠣᠷ ᠲᠥᠬᠦᠭᠡᠷᠦᠮᠵᠢ ᠨᠢ ᠴᠠᠬᠢᠯᠭᠠᠨ ᠪᠠᠶᠢᠷᠢ ᠶᠢᠨ | ᠵᠠᠯᠭᠠᠭᠤᠷ᠂ ᠬᠠᠮᠲᠤ ᠪᠠᠷ ᠬᠡᠷᠡᠭᠯᠡᠬᠦ ᠭᠠᠵᠠᠷ ᠵᠠᠯᠭᠠᠬᠤ ᠲᠣᠨᠣᠭᠯᠠᠯ᠂ ᠬᠠᠯᠬᠠᠪᠴᠢ᠂ ᠵᠦᠢ ᠵᠣᠬᠢᠰᠲᠠᠶ ᠤᠲᠠᠰᠤ ᠶᠢᠨ | ᠪᠠᠶᠢᠷᠢᠯᠠᠭᠤᠯᠤᠯᠲᠠ᠂ ᠠᠶᠤᠩᠭ᠎ᠠ ᠠᠴᠠ ᠰᠡᠷᠭᠡᠶᠢᠯᠡᠬᠦ ᠮᠠᠰᠢᠨ ᠵᠡᠷᠭᠡ ᠪᠠᠷ ᠪᠦᠷᠢᠯᠳᠦᠨ᠎ᠡ᠃ | ᠠᠶᠤᠩᠭ᠎ᠠ ᠴᠠᠬᠢᠯᠭᠠᠨ ᠤ ᠭᠠᠮᠰᠢᠭ ᠭᠡᠳᠡᠭ ᠨᠢ ᠠᠶᠤᠩᠭ᠎ᠠ ᠶᠢᠨ ᠰᠢᠭᠤᠳ ᠨᠢᠷᠭᠡᠯᠲᠡ᠂ ᠠᠶᠤᠩᠭ᠎ᠠ | ᠴᠠᠬᠢᠯᠭᠠᠨ ᠤ ᠨᠥᠯᠥᠭᠡᠯᠡᠯ᠂ ᠠᠶᠤᠩᠭ᠎ᠠ ᠴᠠᠬᠢᠯᠭᠠᠨ ᠤ ᠳᠣᠯᠭᠢᠶᠠᠨ ᠤ ᠳᠦᠷᠢᠯᠲᠡ ᠠᠴᠠ ᠪᠣᠯᠵᠤ ᠬᠦᠮᠦᠨ ᠦᠬᠦᠵᠦ | ᠰᠢᠷᠬᠠᠲᠤᠬᠤ᠂ ᠡᠳ᠋ ᠬᠥᠷᠥᠩᠭᠡ ᠬᠤᠬᠢᠷᠠᠬᠤ ᠶᠢ ᠵᠢᠭᠠᠵᠤ ᠪᠠᠶᠢᠨ᠎ᠠ᠃ | ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢᠨ ᠭᠤᠤᠯᠳᠠᠯᠭ᠎ᠠ ᠲᠠᠢ ᠨᠢᠭᠡᠴᠢ ᠭᠡᠳᠡᠭ ᠨᠢ᠄ | ︵ᠨᠢᠭᠡ︶ ᠲᠣᠰᠣᠨ ᠬᠥᠮᠥᠷᠭᠡ᠂ ᠬᠡᠢ ᠶᠢᠨ ᠬᠥᠮᠥᠷᠭᠡ᠂ ᠳᠠᠷᠢ ᠰᠤᠮᠤ ᠶᠢᠨ ᠬᠥᠮᠥᠷᠭᠡ᠂ ᠬᠢᠮᠢ ᠶᠢᠨ | ᠪᠣᠳᠠᠰ ᠤᠨ ᠬᠥᠮᠥᠷᠭᠡ ᠪᠠ ᠬᠤᠸᠠᠷ ᠫᠤᠤᠵᠢᠩ᠂ ᠴᠢᠯᠠᠭᠤᠨ ᠲᠣᠰᠣ ᠬᠢᠮᠢ ᠵᠡᠷᠭᠡ ᠨᠣᠴᠣᠮᠠᠲᠠᠭᠠᠶ ᠳᠡᠯᠪᠡᠷᠡᠮᠡᠲᠡᠭᠡᠶ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠠ ᠲᠠᠯᠠᠪᠤᠷ᠃ | ︵ᠬᠤᠶᠠᠷ︶᠂ ᠠᠶᠤᠩᠭ᠎ᠠ ᠴᠠᠬᠢᠯᠭᠠᠨ ᠠᠮᠠᠷᠬᠠᠨ ᠡᠭᠦᠰᠬᠦ ᠣᠷᠣᠨ ᠳᠠᠬᠢ ᠠᠭᠤᠷᠬᠠᠶ ᠶᠢᠨ ᠣᠷᠣᠨ᠂ | ᠵᠢᠭᠤᠯᠴᠢᠯᠠᠯ ᠦᠵᠡᠮᠵᠢ ᠶᠢᠨ ᠭᠠᠵᠠᠷ ᠪᠤᠶᠤ ᠠᠰᠢᠭᠯᠠᠯᠲᠠ ᠳᠤ ᠣᠷᠣᠭᠤᠯᠤᠨ ᠬᠡᠷᠡᠭᠯᠡᠭᠰᠡᠨ ᠪᠠᠷᠢᠯᠭ᠎ᠠ ︵ᠪᠠᠷᠢᠮᠠᠯ︶᠂ | ᠪᠡᠯᠡᠳᠬᠡᠮᠵᠢ ᠵᠡᠷᠭᠡ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠲᠤᠰᠠᠭᠠᠷ | ᠤᠭᠰᠠᠷᠠᠬᠤ ᠴᠢᠬᠤᠯᠠ ᠲᠠᠢ ᠲᠠᠯᠠᠪᠤᠷ᠃ | ︵ᠭᠤᠷᠪᠠ︶ ᠠᠶᠤᠩᠭ᠎ᠠ ᠴᠠᠬᠢᠯᠭᠠᠨ ᠤ ᠠᠶᠤᠯ ᠶᠡᠭᠡ ᠮᠥᠷᠲᠡᠭᠡᠨ ᠠᠶᠤᠩᠭ᠎ᠠ ᠠᠴᠠ ᠰᠡᠷᠭᠡᠶᠢᠯᠡᠬᠦ ᠪᠠᠷᠢᠮᠵᠢᠶ᠎ᠠ | ᠵᠢᠷᠤᠮᠵᠢᠯ ᠦᠭᠡᠢ᠂ ᠣᠨᠴᠠᠭᠠᠢ ᠨᠤᠲᠠᠯᠠᠯ ᠬᠢᠬᠦ ᠴᠢᠬᠤᠯᠠ ᠲᠠᠢ ᠲᠣᠮᠣ ᠬᠡᠯᠪᠡᠷᠢ ᠶᠢᠨ ᠲᠥᠷᠥᠯ ᠵᠦᠢᠯ᠃ | ᠬᠤᠷᠢᠨ ᠲᠠᠪᠤᠳᠤᠭᠠᠷ ᠵᠦᠢᠯ ᠲᠣᠰ ᠠᠷᠭ᠎ᠠ ᠶᠢ 2025 ᠣᠨ ᠤ 2 ᠳ᠋ᠤᠭᠠᠷ ᠰᠠᠷ᠎ᠠ ᠶᠢᠨ 8 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ 2003 ᠣᠨ ᠤ 10 ᠳ᠋ᠤᠭᠠᠷ ᠰᠠᠷ᠎ᠠ ᠶᠢᠨ 10 ᠤ ᠡᠳᠦᠷ ᠠᠴᠠ ᠬᠡᠷᠡᠭᠵᠢᠭᠦᠯᠦᠭᠰᠡᠨ | ︽ᠬᠥᠬᠡᠬᠤᠲᠠ ᠶᠢᠨ ᠪᠠᠷᠢᠯᠭ᠎ᠠ ︵ᠪᠠᠷᠢᠮᠠᠯ︶ ᠶᠢᠨ ᠠᠶᠤᠩᠭ᠎ᠠ ᠠᠴᠠ ᠰᠡᠷᠭᠡᠶᠢᠯᠡᠬᠦ ᠪᠠᠷᠢᠯᠭ᠎ᠠ ᠶᠢᠨ ᠵᠢᠷᠤᠭ | ᠲᠥᠯᠥᠪᠯᠡᠭᠡ ᠶᠢ ᠬᠢᠨᠠᠨ ᠬᠠᠷᠭᠤᠭᠤᠯᠬᠤ᠂ ᠶᠠᠰᠤ ᠴᠢᠨᠠᠷ ᠢ ᠮᠥᠷᠳᠡᠨ ᠰᠢᠯᠭᠠᠨ ᠪᠠᠶᠢᠴᠠᠭᠠᠬᠤ ᠵᠢᠴᠢ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ ᠬᠡᠷᠡᠭᠵᠢᠭᠦᠯᠬᠦ ᠠᠷᠭ᠎ᠠ︾ ︵ᠬᠥᠬᠡᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠵᠠᠷᠯᠢᠭ 28 ᠳ᠋ᠤᠭᠠᠷ ᠲᠣᠭᠠᠲᠤ︶ ᠶᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ |