ᠣᠶᠢᠷ᠎ᠠ ᠶᠢᠨ ᠡᠳᠦᠷ ᠭᠦᠭᠡᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠦᠭᠦ ᠬᠤᠳᠠ ᠶᠢᠨ | ᠬᠡᠪᠴᠢᠶᠡᠨ ᠳᠤ ︽ᠭᠦᠭᠡᠬᠤᠳᠠ ᠶᠢᠨ ᠬᠤᠷᠴᠠ ᠰᠡᠯᠡᠮ᠎ᠡ︾ ᠠᠩᠬᠠᠳᠤᠭᠠᠷ ᠤᠳᠠᠭ᠎ᠠ ᠶᠢᠨ ᠨᠢᠭᠡᠳᠦᠯᠲᠡᠢ ᠪᠠᠶᠢᠴᠠᠭᠠᠨ | ᠴᠡᠭᠴᠡᠯᠡᠬᠦ ᠠᠵᠢᠯᠯᠠᠭ᠎ᠠ ᠥᠷᠨᠢᠭᠦᠯᠵᠦ᠂ ᠨᠡᠶᠢᠭᠡᠮ ᠤᠨ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠯᠲᠠ᠂ ᠵᠠᠮ | ᠬᠠᠷᠢᠯᠴᠠᠭᠠᠨ ᠤ ᠳᠢᠭᠯᠢᠮ ᠢ ᠴᠡᠭᠴᠡᠯᠡᠨ ᠵᠠᠰᠠᠬᠤ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠲᠠᠯ᠎ᠠ ᠶᠢᠨ | ᠲᠣᠭᠤᠷᠢᠨ ᠳᠤ ᠠᠮᠤᠷ ᠲᠦᠪᠰᠢᠨ ᠤ ᠭᠡᠮ ᠰᠣᠭᠤᠭ ᠢ ᠪᠦᠭᠦ ᠲᠠᠯ᠎ᠠ ᠪᠠᠷ ᠴᠡᠭᠴᠡᠯᠡᠨ ᠵᠠᠰᠠᠵᠤ᠂ ᠠᠮᠤᠷ ᠠᠮᠤᠭᠤᠯᠠᠩ | ᠡᠮᠬᠢ ᠴᠡᠭᠴᠡᠲᠡᠢ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠪᠠ᠃ | ᠠᠵᠢᠯᠯᠠᠭ᠎ᠠ ᠶᠢᠨ ᠬᠤᠭᠤᠴᠠᠭᠠᠨ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠭᠤᠣᠯᠳᠠᠯᠭ᠎ᠠ ᠲᠠᠢ | ᠲᠠᠯᠠᠪᠤᠷ ᠭᠠᠵᠠᠷ᠂ ᠬᠥᠮᠥᠨ ᠨᠢᠭᠲᠠᠷᠠᠭᠰᠠᠨ ᠣᠷᠣᠨ ᠪᠦᠰᠡ ᠳᠤ ᠪᠦᠭᠦ ᠲᠠᠯ᠎ᠠ ᠶᠢᠨ ᠵᠢᠭᠰᠠᠭᠠᠨ ᠪᠠᠶᠢᠴᠠᠭᠠᠯᠲᠠ | ᠥᠷᠨᠢᠭᠦᠯᠵᠦ᠂ ᠪᠠᠭᠤᠳᠠᠯ᠂ ᠪᠡᠶ᠎ᠡ ᠤᠬᠢᠶᠠᠬᠤ ᠭᠠᠵᠠᠷ ᠵᠡᠷᠭᠡ ᠲᠠᠯᠠᠪᠤᠷ ᠭᠠᠵᠠᠷ ᠤᠨ ᠦᠨᠡᠨ ᠨᠡᠷ᠎ᠡ ᠪᠠᠷ ᠳᠠᠩᠰᠠᠯᠠᠭᠤᠯᠬᠤ | ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠪᠠᠶᠢᠴᠠᠭᠠᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ | ᠲᠥᠬᠦᠭᠡᠷᠦᠮᠵᠢ ᠪᠦᠷᠢᠨ ᠪᠤᠰᠤ᠂ ᠬᠢᠨᠠᠨ ᠡᠵᠡᠮᠳᠡᠬᠦ ᠪᠦᠷᠬᠦᠴᠡ ᠬᠦᠷᠦᠯᠴᠡᠬᠦ ᠦᠭᠡᠢ ᠪᠠᠶᠢᠭ᠎ᠠ ᠵᠡᠷᠭᠡ ᠠᠰᠠᠭᠤᠳᠠᠯ ᠢ | ᠴᠡᠭᠴᠡᠯᠡᠨ ᠰᠠᠶᠢᠵᠢᠷᠠᠭᠤᠯᠪᠠ᠃ ᠬᠤᠯᠠ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠦᠷᠳᠡᠭᠡ ᠵᠢᠴᠢ ᠬᠤᠳᠠ ᠠᠴᠠ | ᠣᠷᠣᠵᠤ ᠭᠠᠷᠬᠤ ᠪᠠᠶᠢᠴᠠᠭᠠᠯᠲᠠ ᠶᠢᠨ ᠥᠷᠲᠡᠭᠡᠨ ᠳᠤ ᠴᠠᠭᠳᠠᠭ᠎ᠠ ᠨᠠᠷ ︽ᠰᠡᠵᠢᠭᠯᠡᠯᠲᠡᠢ ᠪᠠᠶᠢᠳᠠᠯ ᠢ ᠵᠠᠪᠠᠯ | ᠪᠠᠶᠢᠴᠠᠭᠠᠬᠤ︾ ᠵᠠᠷᠴᠢᠮ ᠢ ᠨᠠᠶᠢᠳᠠᠪᠤᠷᠢᠵᠢᠭᠤᠯᠤᠨ᠂ ᠠᠶᠤᠯᠲᠠᠢ ᠳᠡᠯᠪᠡᠷᠡᠬᠦ ᠪᠣᠳᠠᠰ᠂ ᠵᠠᠬᠢᠷᠤᠨ ᠬᠠᠮᠢᠶᠠᠷᠤᠯᠲᠠ ᠶᠢᠨ | ᠭᠢᠳᠤᠭ᠎ᠠ ᠠᠪᠴᠤ ᠶᠠᠪᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠪᠠ᠃ ᠡᠭᠦᠨ ᠤ | ᠬᠠᠮᠲᠤ᠂ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠵᠢᠯᠴᠠᠨ ᠭᠠᠯᠲᠤ ᠲᠡᠷᠭᠡᠨ | ᠦᠷᠳᠡᠭᠡ ᠶᠢᠨ ᠡᠷᠭᠢᠨ ᠲᠣᠭᠤᠷᠢᠨ ᠤ ᠡᠮᠬᠢ ᠳᠢᠭᠯᠢᠮ ᠢ ᠬᠠᠮᠠᠭᠠᠯᠠᠬᠤ ᠶᠢ ᠴᠢᠩᠭᠠᠷᠠᠭᠤᠯᠤᠨ᠂ ᠠᠶᠠᠨᠴᠢᠳ ᠤᠨ | ᠭᠠᠳᠠᠭᠰᠢ ᠭᠠᠷᠬᠤ ᠠᠮᠤᠷ ᠲᠦᠪᠰᠢᠨ ᠢ ᠪᠠᠳᠤᠯᠠᠪᠠ᠃ ᠠᠵᠢᠯᠯᠠᠭ᠎ᠠ ᠶᠢᠨ ᠬᠤᠭᠤᠴᠠᠭᠠᠨ ᠳᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠬᠢᠨ ᠪᠠᠰᠠ ︽ᠰᠣᠶᠣᠭᠠᠯᠠᠯ ᠤᠨ ᠱᠠᠲᠤᠨ ᠳᠤ ᠨᠢ ᠴᠣᠬᠢᠯᠲᠠ ᠥᠭᠬᠦ︾ ᠶᠢ | ᠬᠡᠷᠡᠭᠵᠢᠭᠦᠯᠦᠨ ᠵᠣᠭᠤᠰ ᠮᠥᠷᠥᠶᠢᠴᠡᠬᠦ᠂ ᠬᠤᠣᠷᠲᠤ ᠡᠳ᠋ ᠪᠠ ᠪᠤᠰᠤᠳ ᠵᠠᠰᠠᠭ ᠵᠠᠬᠢᠷᠭᠠᠨ ᠤ ᠬᠡᠷᠡᠭ ᠲᠤ | ᠬᠤᠯᠪᠣᠭᠳᠠᠭᠰᠠᠨ ᠤᠯᠠᠨ ᠶᠠᠯ᠎ᠠ ᠶᠢᠨ ᠰᠡᠵᠢᠭᠲᠡᠨ ᠢ ᠪᠠᠷᠢᠪᠴᠢᠯᠠᠪᠠ᠃ | | |