ᠬᠥᠳᠡᠭᠡ ᠲᠤᠰᠬᠤᠨ ᠢᠶᠠᠷ ᠥᠩᠭᠡᠷᠡᠬᠦ ᠠᠴᠢᠶᠠᠨ ᠤ ᠮᠠᠰᠢᠨ ᠲᠡᠷᠭᠡ ᠶᠢ ᠴᠡᠭᠴᠡᠯᠡᠨ ᠵᠢᠷᠤᠮᠵᠢᠭᠤᠯᠬᠤ ᠶᠢᠨ | ᠲᠥᠯᠥᠭᠡ ᠭᠦᠭᠡᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ | ᠶᠢᠨ ᠰᠠᠯᠪᠤᠷᠢ ᠠᠩᠭᠢ ᠣᠷᠴᠢᠮᠬᠠᠨ ᠪᠦᠭᠦ ᠬᠤᠳᠠ ᠶᠢᠨ ᠬᠡᠪᠴᠢᠶᠡᠨ ᠳᠤ ᠬᠥᠳᠡᠭᠡ ᠨᠤᠲᠤᠭ ᠤᠨ ᠮᠠᠰᠢᠨ ᠲᠡᠷᠭᠡ ᠶᠢ | ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ᠃ ᠠᠵᠢᠯᠯᠠᠭ᠎ᠠ ᠨᠢ 12 ᠰᠠᠷ᠎ᠠ ᠶᠢᠨ ᠰᠡᠭᠦᠯᠴᠢ | ᠪᠤᠯᠳᠠᠯ᠎ᠠ ᠶᠠᠪᠤᠭᠳᠠᠵᠤ᠂ ᠬᠥᠳᠡᠭᠡ ᠨᠤᠲᠤᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠠᠭᠠᠯᠠᠯᠲᠠ ᠶᠢᠨ | ᠱᠤᠭᠤᠮ ᠢ ᠪᠦᠭᠦ ᠲᠠᠯ᠎ᠠ ᠪᠠᠷ ᠪᠠᠲᠤ ᠴᠣᠭᠴᠠᠯᠠᠬᠤ ᠪᠣᠯᠣᠨ᠎ᠠ᠃ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ︽ᠲᠤᠰᠬᠠᠢ ᠮᠡᠷᠭᠡᠵᠢᠯ + ᠲᠣᠭᠲᠠᠴᠠ + ᠲᠣᠮᠣ | ᠳ᠋ᠠᠶᠢᠲ᠋ᠠ︾ ᠶᠢᠨ ᠰᠢᠨ᠎ᠡ ᠭᠡᠯᠪᠡᠷᠢ ᠶᠢᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ ᠲᠤ ᠲᠦᠰᠢᠭᠯᠡᠨ | ᠬᠥᠳᠡᠭᠡ ᠨᠤᠲᠤᠭ ᠤᠨ ᠠᠴᠢᠶᠠᠨ ᠤ ᠮᠠᠰᠢᠨ ᠲᠡᠷᠭᠡᠨ ᠳᠤ ᠠᠩᠬᠠᠷᠤᠯ ᠢᠶᠠᠨ ᠬᠠᠨᠳᠤᠭᠤᠯᠤᠨ ᠡᠬᠢ ᠡᠭᠦᠰᠦᠯ ᠠᠴᠠ ᠨᠢ | ᠭᠡᠮ ᠰᠣᠭᠤᠭ ᠢ ᠠᠷᠢᠯᠭᠠᠬᠤ᠂ ᠵᠠᠮ ᠤᠨ ᠡᠮᠬᠢ ᠳᠢᠭᠯᠢᠮ ᠢ ᠰᠡᠷᠭᠡᠶᠢᠯᠡᠨ ᠡᠵᠡᠮᠳᠡᠬᠦ᠂ ᠵᠠᠮ ᠤᠨ ᠭᠡᠮ ᠰᠣᠭᠤᠭ ᠢ | ᠵᠢᠭᠰᠠᠭᠠᠨ ᠪᠠᠶᠢᠴᠠᠭᠠᠬᠤ᠂ ᠰᠠᠯᠠᠭ᠎ᠠ ᠮᠥᠴᠢᠷ ᠠᠴᠠ ᠬᠠᠮᠵᠢᠯᠴᠠᠨ ᠬᠠᠮᠲᠤ ᠪᠠᠷ ᠵᠠᠰᠠᠬᠤ ᠠᠵᠢᠯ ᠢ ᠲᠥᠪᠯᠡᠷᠡᠭᠦᠯᠦᠨ | ᠥᠷᠨᠢᠭᠦᠯᠵᠦ᠂ ᠬᠥᠳᠡᠭᠡ ᠲᠤᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ | ᠲᠣᠭᠲᠠᠭᠤᠨ ᠪᠠᠶᠢᠬᠤ ᠶᠢ ᠬᠦᠴᠦᠲᠡᠢ ᠪᠠᠲᠤᠯᠠᠨ᠎ᠠ᠃ | ᠠᠵᠢᠯᠯᠠᠭ᠎ᠠ ᠨᠢ ᠠᠴᠢᠶᠠᠨ ᠤ ᠲᠡᠭᠡᠭᠡᠪᠦᠷᠢ ᠶᠢᠨ ᠭᠤᠣᠯᠳᠠᠯᠭ᠎ᠠ ᠲᠠᠢ ᠪᠠᠶᠢᠭᠤᠯᠭ᠎ᠠ ᠨᠢᠭᠡᠴᠢ ᠪᠠ ᠬᠤᠯᠠ | ᠵᠠᠮ ᠤᠨ ᠠᠴᠢᠶᠠᠨ ᠤ ᠮᠠᠰᠢᠨ ᠲᠡᠷᠭᠡ ᠶᠢᠨ ᠬᠥᠳᠡᠭᠡ ᠨᠤᠲᠤᠭ ᠢᠶᠠᠷ ᠥᠩᠭᠡᠷᠡᠨ ᠠᠷᠠᠳ ᠢ ᠦᠢᠮᠡᠭᠦᠯᠵᠦ ᠪᠠᠶᠢᠭ᠎ᠠ | ᠲᠣᠭᠤᠷᠢᠨ ᠳᠤ ᠴᠡᠭᠴᠡᠯᠡᠨ ᠵᠠᠰᠠᠯᠲᠠ ᠶᠠᠪᠤᠭᠤᠯᠤᠨ᠎ᠠ᠃ ᠪᠠᠰᠠ ᠬᠥᠳᠡᠭᠡ ᠨᠤᠲᠤᠭ ᠤᠨ ᠭᠠᠵᠠᠷ ᠣᠷᠣᠨ ᠤ ᠠᠴᠢᠶᠠᠨ | ᠤ ᠮᠠᠰᠢᠨ ᠲᠡᠷᠭᠡ ᠶᠢᠨ ᠬᠡᠲᠦᠷᠡᠲᠡᠯ᠎ᠡ ᠠᠴᠢᠶᠠᠯᠠᠬᠤ᠂ ᠭᠡᠳᠦ ᠬᠤᠷᠳᠤᠴᠠ ᠲᠠᠢ ᠳᠠᠪᠬᠢᠭᠤᠯᠬᠤ᠂ ᠶᠠᠳᠠᠷᠠᠭᠠᠳ ᠮᠠᠰᠢᠨ | ᠲᠡᠷᠭᠡ ᠵᠢᠯᠤᠭᠤᠳᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠭᠤᠣᠯᠳᠠᠯᠭ᠎ᠠ ᠲᠠᠢ ᠪᠠᠶᠢᠴᠠᠭᠠᠵᠤ | ᠰᠢᠢᠳᠪᠦᠷᠢᠯᠡᠨ᠎ᠡ᠃ |