ᠬᠥᠬᠡᠬᠤᠲᠠ ᠶᠢᠨ ᠴᠢᠩ ᠱᠦᠢ ᠾᠧ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠬᠥᠬᠡᠬᠤᠲᠠ ᠶᠢᠨ ᠰᠢᠦᠢ ᠶᠠᠩ ᠵᠥᠩ ᠷᠠᠨ ᠨᠡᠷᠡᠮᠵᠢᠲᠦ ᠡᠨᠧᠷᠭᠢ ᠶᠢᠨ ᠬᠢᠵᠠᠭᠠᠷᠲᠤ ᠺᠣᠮᠫᠠᠨᠢ ᠪᠥᠬᠦ ᠬᠤᠲᠠ ᠶᠢᠨ 2025 ᠣᠨ ᠤ ᠠᠩᠬᠠᠳᠠᠭᠴᠢ ᠪᠦᠯᠦᠭ ᠤᠰᠤ ᠠᠷᠪᠢᠯᠠᠬᠤ ᠬᠡᠯᠪᠡᠷᠢ ᠶᠢᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2025/3/30
     ᠣᠶᠢᠷ᠎ᠠ ᠳᠤ᠂ ᠬᠥᠬᠡᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ 2025 ᠣᠨ ᠤ ᠬᠤᠲᠠ ᠶᠢᠨ ᠲᠠᠰ ᠤᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠵᠢᠴᠢ ᠤᠰᠤ ᠠᠷᠪᠢᠯᠠᠬᠤ ᠬᠡᠯᠪᠡᠷᠢ ᠶᠢᠨ ᠬᠦᠷᠢᠶᠡᠯᠡᠩ ᠲᠣᠭᠤᠷᠢᠭ ᠤᠨ ᠨᠡᠷᠡᠰ ᠢ ᠨᠡᠶᠢᠲᠡᠯᠡᠪᠡ᠂ ᠡᠭᠦᠨ ᠳᠤ᠂ ᠬᠥᠬᠡᠬᠤᠲᠠ ᠶᠢᠨ ᠴᠢᠩ ᠱᠦᠢ ᠾᠧ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠬᠥᠬᠡᠬᠤᠲᠠ ᠶᠢᠨ ᠰᠢᠦᠢ ᠶᠠᠩ ᠵᠥᠩ ᠷᠠᠨ ᠨᠡᠷᠡᠮᠵᠢᠲᠦ ᠡᠨᠧᠷᠭᠢ ᠶᠢᠨ ᠬᠢᠵᠠᠭᠠᠷᠲᠤ ᠺᠣᠮᠫᠠᠨᠢ ᠠᠮᠵᠢᠯᠲᠠ ᠲᠠᠢ ᠪᠠᠷ ᠰᠣᠩᠭᠤᠭᠳᠠᠪᠠ᠃ᠳᠠᠷᠠᠭᠠᠴᠢ ᠶᠢᠨ ᠠᠯᠬᠤᠮ ᠳᠤ᠂ ᠴᠢᠩ ᠱᠦᠢ ᠾᠧ ᠰᠢᠶᠠᠨ ᠤ ᠬᠢᠨ ᠭᠤᠣᠯᠳᠠᠯᠭᠠᠲᠤ ᠠᠵᠤ ᠠᠬᠤᠶᠢᠯᠠᠯ ᠨᠤᠭᠤᠳ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠤᠨ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠤᠰᠤ ᠠᠷᠪᠢᠯᠠᠬᠤ ᠳᠠᠯᠳᠠ ᠬᠦᠴᠦᠨ ᠢ ᠠᠭᠤᠳᠠᠯᠬᠤ ᠶᠢ ᠵᠣᠷᠢᠭᠵᠢᠭᠤᠯᠤᠨ᠂ ᠠᠵᠤ ᠦᠢᠯᠡᠳᠪᠦᠷᠢ ᠶᠢᠨ ᠪᠣᠬᠢᠷᠲᠤᠯ ᠦᠭᠡᠢ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠣᠨ ᠬᠦᠷᠢᠶᠡᠯᠡᠩ ᠲᠣᠭᠤᠷᠢᠭ ᠢ ᠬᠥᠲᠥᠯᠥᠨ ᠵᠢᠯᠤᠭᠤᠳᠴᠤ ᠪᠠᠶᠢᠭᠠᠳ ᠤᠰᠤ ᠠᠷᠪᠢᠯᠠᠬᠤ ᠬᠠᠮᠢᠶᠠᠷᠤᠯᠲᠠ ᠪᠣᠯᠣᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1