ᠴᠢᠩ ᠱᠦᠢ ᠾᠧ ᠰᠢᠶᠠᠨ ᠤ ᠴᠧᠩ ᠭᠤᠸᠠᠨ ᠪᠠᠯᠭᠠᠰᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠬᠡᠷᠡᠭ ᠤᠨ ᠵᠢᠱᠢᠶ᠎ᠡ 2025 ᠣᠨ ᠤ 3 ︱ 4 ᠳ᠋ᠦ᠋ᠭᠡᠷ ᠬᠤᠭᠤᠴᠠᠭᠠᠨ ᠤ ︽ᠠᠷᠠᠳ ᠤᠨ ᠰᠤᠷᠭᠠᠨ ᠬᠥᠮᠦᠵᠢᠯ︾ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2025/3/30
     ︽2024 ᠣᠨ ᠤ ᠳᠤᠮᠳᠠᠳᠤ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠣᠨ ᠤ ᠮᠡᠳᠡᠭᠦᠯᠦᠯᠲᠡ︾  ᠶᠢ ︽ᠠᠷᠠᠳ ᠤᠨ ᠰᠤᠷᠭᠠᠨ ᠬᠥᠮᠦᠵᠢᠯ︾ ᠤᠨ 2025 ᠣᠨ ᠤ 3 ︱ 4 ᠳ᠋ᠦ᠋ᠭᠡᠷ ᠬᠤᠭᠤᠴᠠᠭᠠᠨ ᠳᠤ ᠵᠢᠩᠬᠢᠨᠢ ᠪᠠᠷ ᠠᠩᠬ᠎ᠠ ᠨᠡᠶᠢᠲᠡᠯᠡᠪᠡ᠃ ᠴᠢᠩ ᠱᠦᠢ ᠾᠧ ᠰᠢᠶᠠᠨ ᠤ ᠴᠧᠩ ᠭᠤᠸᠠᠨ ᠪᠠᠯᠭᠠᠰᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠬᠡᠷᠡᠭ ᠤᠨ ᠵᠢᠱᠢᠶ᠎ᠡ ᠲᠣᠰ ᠮᠡᠳᠡᠭᠦᠯᠦᠯᠲᠡ ᠳᠤ ᠠᠮᠵᠢᠯᠲᠠᠲᠠᠢ ᠪᠠᠷ ᠰᠣᠩᠭᠤᠭᠳᠠᠪᠠ᠃ ︽ᠳᠤᠮᠳᠠᠳᠤ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠣᠨ ᠤ ᠮᠡᠳᠡᠭᠦᠯᠦᠯᠲᠡ︾ ᠶᠢ 2017 ᠣᠨ ᠠᠴᠠ ᠡᠬᠢᠯᠡᠨ ᠰᠤᠳᠤᠯᠤᠨ ᠦᠢᠯᠡᠳᠴᠦ᠂ ᠵᠢᠯ ᠪᠦᠷᠢ ᠶᠢᠨ ᠡᠬᠢᠨ ᠳᠤ ᠨᠡᠶᠢᠲᠡᠯᠡᠨ᠂ ᠰᠠᠭᠤᠷᠢ ᠰᠤᠷᠭᠠᠨ ᠬᠥᠮᠦᠵᠢᠯ ᠬᠢᠨ ᠤ ᠬᠡᠪᠴᠢᠶᠡᠨ ᠳᠤ ᠨᠡᠯᠢᠶᠡᠳ ᠶᠡᠭᠡ ᠲᠤᠰᠬᠠᠯ ᠭᠠᠷᠴᠤ᠂ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠲᠡᠮᠳᠡᠭᠯᠡᠬᠦ᠂ ᠬᠥᠲᠥᠯᠥᠨ ᠳᠠᠭᠠᠭᠤᠯᠬᠤ᠂ ᠠᠬᠢᠭᠤᠯᠬᠤ ᠴᠢᠬᠤᠯᠠ ᠲᠤᠯᠭᠤᠷ ᠪᠢᠴᠢᠭ ᠪᠣᠯᠵᠠᠢ᠃ ᠲᠣᠰ ᠤᠳᠠᠭᠠᠨ ᠤ ᠣᠨ ᠤ ᠮᠡᠳᠡᠭᠦᠯᠦᠯᠲᠡ ᠨᠢ ᠳᠤᠮᠳᠠᠳᠤ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠶᠢᠨ ᠵᠠᠳᠠᠯᠤᠯᠲᠠ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠢᠨ᠎ᠡ ᠠᠬᠢᠴᠠ ᠰᠢᠨ᠎ᠡ ᠬᠠᠨᠳᠤᠰᠢ᠂ ᠳᠤᠮᠳᠠᠳᠤ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠵᠡᠷᠭᠡ ᠭᠤᠷᠪᠠᠨ ᠬᠤᠪᠢᠶᠠᠷᠢ ᠮᠡᠳᠡᠭᠦᠯᠦᠯᠲᠡ ᠪᠠᠷ ᠪᠦᠷᠢᠯᠳᠦᠵᠦ᠂ ᠲᠥᠷᠥ ᠶᠢᠨ ᠪᠣᠳᠣᠯᠭ᠎ᠠ ᠶᠢᠨ ᠵᠠᠳᠠᠯᠤᠯᠲᠠ ᠳᠤᠮᠳᠠ ᠥᠷᠲᠡᠭ ᠤᠨ ᠤᠳᠤᠷᠢᠳᠤᠮᠵᠢ ᠶᠢ ᠡᠵᠡᠮᠳᠡᠨ᠂ ᠰᠤᠳᠤᠯᠭᠠᠨ ᠤ ᠡᠮᠦᠨ᠎ᠡ ᠵᠠᠬ᠎ᠠ ᠳᠤ ᠠᠩᠬᠠᠷᠤᠯ ᠢᠶᠠᠨ ᠲᠥᠪᠯᠡᠷᠡᠭᠦᠯᠬᠦ ᠳᠤᠮᠳᠠ ᠬᠥᠭᠵᠢᠯᠲᠡ ᠶᠢᠨ ᠬᠠᠨᠳᠤᠰᠢ ᠶᠢ ᠡᠵᠡᠮᠳᠡᠨ᠂ ᠦᠢᠯᠡᠳᠦᠯᠭᠡ ᠶᠢᠨ ᠰᠦᠪᠡᠭᠴᠢᠯᠡᠯᠲᠡ ᠶᠢ ᠠᠩᠬᠠᠷᠬᠤ ᠳᠤᠮᠳᠠ ᠰᠢᠨ᠎ᠡ ᠰᠣᠷᠭᠤᠭ ᠲᠤᠷᠰᠢᠯᠭ᠎ᠠ ᠶᠢ ᠡᠵᠡᠮᠳᠡᠬᠦ ᠪᠠᠷ ᠬᠦᠴᠦᠯᠡᠨ ᠴᠢᠷᠮᠠᠶᠢᠵᠠᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠩ ᠱᠦᠢ ᠾᠧ ᠰᠢᠶᠠᠨ ᠤ ᠴᠧᠩ ᠭᠤᠸᠠᠨ ᠪᠠᠯᠭᠠᠰᠤᠨ ᠤ ᠨᠢᠭᠡᠳᠦᠭᠡᠷ ᠪᠠᠭ᠎ᠠ ᠰᠤᠷᠭᠠᠭᠤᠯᠢ ᠨᠢ ᠲᠡᠦᠬᠡ ᠶᠢᠨ ᠮᠦᠽᠧᠢ ᠳᠡᠭᠡᠨ ᠲᠦᠰᠢᠭᠯᠡᠨ᠂ ︽ᠲᠡᠭᠷᠢ ᠳᠤ ᠨᠢᠰᠬᠦ ︾ ᠳᠤᠮᠤᠬ ᠠᠴᠠ ᠠᠪᠤᠭᠠᠳ ᠰᠠᠨᠰᠠᠷ ᠤᠨ ᠠᠶᠠᠯᠠᠯ ᠤᠨ ᠭᠠᠶᠢᠬᠠᠮᠰᠢᠭᠲᠤ ᠲᠡᠦᠬᠡ ᠶᠢ ᠪᠣᠳᠠᠲᠠᠶᠢᠵᠢᠭᠤᠯᠤᠯᠲᠠ᠂ ᠬᠢᠴᠢᠶᠡᠯᠵᠢᠭᠦᠯᠤᠯᠳᠡ ᠬᠢᠭᠰᠡᠨ ᠢᠶᠠᠷ ᠪᠠᠷᠠᠬᠤ ᠦᠭᠡᠢ᠂ ᠪᠠᠰᠠ ᠳᠦᠷᠦᠯ ᠵᠦᠢᠯᠴᠢᠯᠡᠭᠰᠡᠨ ᠰᠤᠷᠤᠯᠴᠠᠯᠭ᠎ᠠ ᠶᠢᠨ ᠬᠡᠯᠪᠡᠷᠢ ᠪᠠᠷ ᠰᠤᠷᠤᠭᠴᠢᠳ ᠢ ᠳᠠᠭᠠᠭᠤᠯᠤᠨ ᠪᠡᠶ᠎ᠡ ᠪᠠᠨ ᠳᠠᠭᠠᠭᠠᠵᠤ ᠰᠢᠨᠵᠢᠯᠡᠨ ᠰᠤᠳᠤᠯᠬᠤ ᠶᠠᠪᠤᠴᠠ ᠳᠤ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠢᠷᠭᠡᠨᠰᠢᠯ ᠤᠨ ᠵᠣᠷᠢᠭ ᠰᠠᠨᠠᠭ᠎ᠠ ᠪᠣᠯᠣᠨ ᠬᠠᠷᠢᠭᠤᠴᠠᠯᠭ᠎ᠠ ᠡᠭᠦᠷᠭᠡᠯᠡᠯ ᠢ ᠣᠶᠢᠯᠠᠭᠠᠭᠤᠯᠬᠤ ᠶᠢ ᠵᠣᠷᠢᠭᠰᠠᠨ ᠢᠶᠠᠷ ᠲᠤᠰ ᠮᠡᠳᠡᠭᠦᠯᠦᠯᠲᠡ ᠳᠤ ᠠᠮᠵᠢᠯᠲᠠᠲᠠᠢ ᠪᠠᠷ ᠰᠣᠩᠭᠤᠭᠳᠠᠵᠠᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1