ᠴᠢᠩ ᠱᠦᠢ ᠾᠧ ᠰᠢᠶᠠᠨ ᠤ ᠡᠮᠨᠡᠯᠭᠡ ᠶᠢᠨ ᠬᠤᠷᠢᠶ᠎ᠠ Deepseek ᠢ ᠵᠠᠯᠭᠠᠨ ᠣᠷᠣᠭᠤᠯᠵᠤ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠳᠠᠬᠢᠨ ᠳᠡᠰ ᠳᠡᠪᠰᠢᠭᠦᠯᠪᠡ
ᠨᠡᠶᠢᠲᠡᠯᠡᠭᠰᠡᠨ ᠴᠠᠭ᠄
2025/3/30
    ᠣᠶᠢᠷ᠎ᠠ ᠳᠤ᠂ ᠴᠢᠩ ᠱᠦᠢ ᠾᠧ ᠰᠢᠶᠠᠨ ᠤ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ AI ᠶᠢᠨ ᠣᠷᠤᠶᠢᠯᠠᠭᠰᠠᠨ ᠬᠥᠳᠡᠯᠭᠡᠭᠦᠷ DeepSeek ᠶᠢ ᠰᠢᠨ᠎ᠡ ᠪᠠᠷ ᠵᠠᠯᠭᠠᠨ ᠣᠷᠣᠭᠤᠯᠪᠠ᠃ ᠭᠤᠷᠪᠠᠨ ᠶᠡᠭᠡ ᠣᠶᠤᠨᠴᠢ ᠦᠢᠯᠡᠴᠢᠯᠡᠭᠡ ᠶᠢ ᠨᠡᠩ ᠲᠣᠳᠣᠷᠬᠠᠢ ᠪᠣᠯᠭᠠᠵᠤ᠂ ᠡᠪᠡᠳᠴᠢᠨ ᠦᠵᠡᠭᠦᠯᠬᠦ ᠳᠤ ᠨᠡᠩ ᠣᠨᠣᠪᠴᠢᠲᠠᠢ᠂ ᠨᠡᠩ ᠥᠨᠳᠥᠷ ᠪᠦᠲᠦᠮᠵᠢᠲᠡᠢ ᠪᠣᠯᠭᠠᠵᠠᠢ︕ ᠣᠶᠤᠨᠴᠢ ᠪᠠᠷ ᠡᠮᠴᠢᠯᠡᠭᠡᠨ ᠤ ᠵᠢᠯᠣᠭᠤᠳᠤᠮᠵᠢ ᠬᠢᠬᠦ᠂ ᠮᠡᠳᠡᠭᠦᠯᠦᠯᠲᠡ ᠶᠢ ᠲᠠᠶᠢᠯᠪᠤᠷᠢᠯᠠᠨ ᠵᠠᠳᠠᠯᠤᠯᠲᠠ ᠬᠢᠬᠦ᠂ ᠵᠢᠵᠢᠭᠦᠷ ᠡᠭᠡᠯᠵᠢ ᠶᠢ ᠴᠠᠭ ᠲᠤᠬᠠᠢ ᠳᠤᠨᠢ ᠪᠠᠶᠢᠴᠠᠭᠠᠨ ᠯᠠᠪᠯᠠᠬᠤ ᠶᠢ ᠪᠡᠶᠡᠯᠡᠭᠦᠯᠬᠦ ᠪᠣᠯᠣᠨ᠎ᠠ᠃ Deepseek ᠨᠢ ᠡᠪᠡᠳᠴᠢᠨ ᠤ ᠢᠯᠡᠷᠡᠯ ᠢ ᠦᠨᠳᠦᠰᠦᠯᠡᠨ ᠠᠦ᠋ᠲ᠋ᠣ᠋ ᠵᠠᠳᠠᠯᠤᠯᠲᠠ ᠬᠢᠬᠦ ᠶᠢᠨ ᠬᠠᠮᠲᠤ ᠡᠪᠡᠳᠴᠢᠨ ᠤ ᠪᠦᠬᠦ ᠰᠠᠯᠠᠭ᠎ᠠ ᠲᠠᠰᠤᠭ ᠢ ᠵᠢᠭᠰᠠᠭᠠᠵᠤ᠂ ᠰᠠᠯᠠᠭ᠎ᠠ ᠲᠠᠰᠤᠭ ᠢ ᠰᠤᠩᠭᠤᠭᠰᠠᠨ ᠤ ᠳᠠᠷᠠᠭ᠎ᠠ ᠰᠢᠭᠤᠳ ᠳ᠋ᠤᠭᠠᠷᠯᠠᠬᠤ ᠳᠤ ᠣᠷᠣᠨ᠎ᠠ᠃ AI ᠲᠤᠰᠬᠠᠢ ᠮᠡᠷᠭᠡᠵᠢᠯᠲᠡᠨ ᠮᠡᠳᠡᠭᠦᠯᠦᠯᠲᠡ ᠶᠢᠨ ᠭᠦᠨᠵᠡᠭᠡᠢ ᠵᠠᠳᠠᠯᠤᠯᠲᠠ ᠬᠢᠵᠦ᠂ ᠬᠡᠪ ᠤᠨ ᠪᠤᠰᠤ ᠭᠦᠢᠴᠡᠳᠬᠡᠯ ᠲᠤᠭ᠎ᠠ ᠶᠢᠨ ᠣᠶᠤᠨᠴᠢ ᠲᠣᠳᠣᠷᠬᠠᠶᠢᠯᠠᠯᠲᠠ ᠬᠢᠵᠦ᠂ ᠣᠨᠣᠰᠢᠯᠠᠨ ᠡᠮᠨᠡᠬᠦ ᠰᠠᠨᠠᠭᠤᠯᠭ᠎ᠠ ᠶᠢ ᠲᠡᠷᠡ ᠳᠠᠷᠤᠢ ᠳᠤᠨᠢ ᠣᠯᠵᠤ ᠠᠪᠣᠨ᠎ᠠ᠃ ᠰᠠᠯᠠᠭ᠎ᠠ ᠲᠠᠰᠤᠭ ᠤᠨ ᠡᠮᠴᠢ ᠶᠢᠨ ᠡᠮᠴᠢᠯᠡᠭᠡᠨ ᠤ ᠮᠡᠳᠡᠭᠡ ᠵᠠᠩᠭᠢ ᠶᠢ ᠴᠠᠭ ᠲᠤᠬᠠᠢ ᠳᠤᠨᠢ ᠪᠠᠶᠢᠴᠠᠭᠠᠨ ᠦᠵᠡᠵᠦ᠂ ᠰᠠᠨᠠᠭᠠᠨ ᠳᠤ ᠲᠠᠭᠠᠷᠠᠭᠰᠠᠨ ᠲᠤᠰᠬᠠᠢ ᠮᠡᠷᠭᠡᠵᠢᠯᠲᠡᠨ ᠢ ᠨᠠᠷᠢᠯᠢᠭ ᠣᠨᠣᠴᠠᠲᠠᠢ ᠪᠠᠷ ᠡᠷᠢᠵᠦ ᠣᠯᠣᠨ ᠤᠷᠢᠳᠴᠢᠯᠠᠨ ᠪᠤᠯᠵᠤᠵᠤ ᠪᠣᠯᠣᠨ᠎ᠠ᠃ ᠰᠢᠨᠵᠢᠯᠡᠭᠡ  ᠮᠡᠷᠭᠡᠵᠢᠯ ᠢᠶᠠᠷ ᠡᠷᠡᠭᠦᠯ ᠮᠡᠨᠳᠤ ᠶᠢ ᠪᠠᠲᠤᠯᠠᠵᠤ᠂ ᠣᠶᠤᠨᠴᠢ ᠪᠠᠷ ᠠᠷᠠᠳ ᠤᠯᠠᠨ ᠢ ᠬᠠᠮᠠᠭᠠᠯᠠᠨ᠎ᠠ︕ ᠢᠷᠡᠭᠡᠳᠦᠢ ᠳᠤ ᠨᠡᠩ ᠳᠥᠭᠦᠮ ᠳᠥᠲᠡ ᠪᠣᠯᠵᠤ᠂ ᠦᠢᠯᠡᠴᠢᠯᠡᠭᠡ ᠨᠡᠩ ᠳᠣᠲᠣᠨᠣ ᠪᠣᠯᠬᠤ ᠶᠤᠮ︕  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1