ᠭᠦᠭᠡᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠭᠤᠷᠮᠠᠭ ᠮᠠᠭᠤ ᠲᠠᠸᠠᠷ ᠢ ᠲᠥᠪᠯᠡᠷᠡᠭᠦᠯᠦᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2025/3/30
    ᠣᠶᠢᠷ᠎ᠠ ᠶᠢᠨ ᠡᠳᠦᠷ᠂  ᠢᠳᠡᠭᠡᠨ ᠪᠠ ᠡᠮ ᠤᠨ ᠵᠦᠢᠯᠡᠰ ᠤᠨ  ᠬᠦᠷᠢᠶᠡᠨ ᠳᠠᠬᠢ ᠬᠤᠳᠠᠯ ᠬᠠᠭᠤᠷᠮᠠᠭ ᠲᠠᠸᠠᠷ ᠦᠢᠯᠡᠳᠴᠦ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠤᠯᠠᠮ ᠨᠢᠭᠡ ᠠᠯᠬᠤᠮ ᠴᠢᠩᠭ᠎ᠠ ᠴᠣᠬᠢᠯᠲᠠ ᠥᠭᠬᠦ ᠶᠢᠨ ᠲᠥᠯᠥᠭᠡ᠂  ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠮᠢ ᠠᠬᠤᠢ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯᠡᠰ ᠤᠨ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠰᠠᠯᠪᠤᠷᠢ ᠠᠩᠭᠢ᠂ ᠭᠦᠭᠡᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠵᠡᠷᠭᠡ ᠪᠠᠶᠢᠭᠤᠯᠭ᠎ᠠ ᠨᠢᠭᠡᠴᠢ ᠲᠠᠢ ᠬᠠᠮᠲᠤᠷᠠᠨ᠂ ᠭᠦᠭᠡᠬᠤᠲᠠ ᠶᠢᠨ ᠰᠠᠶᠢᠬᠠᠨ ᠲᠣᠭᠤᠷᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ  ᠭᠦᠭᠡᠬᠤᠲᠠ ᠶᠢᠨ ︽3·15︾ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠦᠢᠯᠡᠳᠬᠦᠨ ᠤ ᠮᠡᠳᠡᠯᠭᠡ ᠶᠢ ᠲᠦᠭᠡᠮᠡᠯᠵᠢᠭᠦᠯᠬᠦ ᠢᠯᠡ ᠬᠢᠴᠢᠶᠡᠯ ᠵᠢᠴᠢ ᠬᠠᠭᠤᠷᠮᠠᠭ ᠮᠠᠭᠤ ᠲᠠᠸᠠᠷ ᠢ ᠲᠥᠪᠯᠡᠷᠡᠭᠦᠯᠦᠨ ᠰᠢᠢᠳᠪᠦᠷᠢᠯᠡᠬᠦ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠳᠤ᠂  ᠭᠦᠭᠡᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠠᠴᠠ ᠦᠷᠭᠦᠯᠵᠢ ᠲᠣᠬᠢᠶᠠᠯᠳᠤᠳᠠᠭ ᠭᠠᠯ ᠰᠡᠷᠭᠡᠶᠢᠯᠡᠵᠦ ᠭᠠᠯ ᠤᠨᠲᠠᠷᠠᠭᠠᠬᠤ ᠦᠢᠯᠡᠳᠬᠦᠨ᠂ ᠬᠤᠳᠠᠯ ᠬᠠᠭᠤᠷᠮᠠᠭ ᠲᠠᠸᠠᠷ ᠢ ᠢᠯᠭᠠᠬᠤ ᠠᠷᠭ᠎ᠠ ᠭᠡᠯᠪᠡᠷᠢ ᠳᠤ ᠲᠤᠬᠠᠢ ᠶᠢᠨ ᠲᠠᠯᠠᠪᠤᠷ ᠤᠨ ᠦᠵᠡᠭᠦᠯᠭᠡ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠵᠦ᠂ ᠣᠯᠠᠨ ᠨᠡᠶᠢᠲᠡ ᠳᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠦᠢᠯᠡᠳᠬᠦᠨ ᠤ ᠦᠨᠡᠨ ᠬᠤᠳᠠᠯ ᠢ ᠢᠯᠭᠠᠬᠤ ᠠᠷᠭ᠎ᠠ ᠶᠢ ᠵᠢᠭᠠᠵᠤ ᠦᠭᠴᠡᠢ; ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠶᠢᠨ ᠡᠳᠦᠷ ᠲᠤᠲᠤᠮ ᠤᠨ ᠭᠠᠯ ᠤᠨᠲᠠᠷᠠᠭᠠᠬᠤ ᠬᠢᠨᠠᠨ ᠪᠠᠶᠢᠴᠠᠭᠠᠯᠲᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠦᠢᠯᠡᠳᠬᠦᠨ ᠤ ᠲᠤᠰᠬᠠᠢ ᠵᠦᠢᠯ ᠤᠨ ᠴᠡᠭᠴᠡᠯᠡᠨ ᠵᠠᠰᠠᠯᠲᠠ ᠵᠢᠴᠢ ᠬᠠᠮᠲᠤᠷᠠᠨ ᠬᠡᠷᠡᠭ ᠰᠢᠢᠳᠪᠦᠷᠢᠯᠡᠬᠦ ᠶᠠᠪᠤᠴᠠ ᠳᠤ ᠬᠤᠷᠢᠶᠠᠨ ᠠᠪᠤᠭᠰᠠᠨ ᠨᠢᠭᠡ ᠪᠦᠯᠦᠭ ᠭᠠᠯ ᠤᠨᠲᠠᠷᠠᠭᠠᠬᠤ ᠤᠰᠤᠨ ᠫᠤᠤ᠂ ᠭᠠᠯ ᠤᠨᠲᠠᠷᠠᠭᠠᠭᠤᠷ ᠵᠡᠷᠭᠡ ᠬᠠᠭᠤᠷᠮᠠᠭ ᠮᠠᠭᠤ ᠲᠠᠸᠠᠷ ᠢ ᠲᠥᠪᠯᠡᠷᠡᠭᠦᠯᠦᠨ ᠰᠢᠢᠳᠪᠦᠷᠢᠯᠡᠪᠡ᠃      ᠲᠣᠰ ᠤᠳᠠᠭ᠎ᠠ ᠶᠢᠨ ᠲᠥᠪᠯᠡᠷᠡᠭᠦᠯᠦᠨ ᠰᠢᠢᠳᠪᠦᠷᠢᠯᠡᠬᠦ ᠠᠵᠢᠯᠯᠠᠭ᠎ᠠ ᠨᠢ ᠡᠮᠦᠨᠡᠬᠢ ᠬᠤᠭᠤᠴᠠᠭᠠᠨ ᠤ ᠬᠤᠳᠠᠯ ᠬᠠᠭᠤᠷᠮᠠᠭ ᠲᠠᠸᠠᠷ ᠦᠢᠯᠡᠳᠪᠦᠷᠢᠯᠡᠨ ᠪᠣᠷᠣᠯᠠᠭᠤᠯᠬᠤ ᠠᠵᠢᠯᠯᠠᠭ᠎ᠠ ᠳᠤ ᠴᠣᠬᠢᠯᠲᠠ ᠥᠭᠭᠦᠭᠰᠡᠨ ᠦᠷ᠎ᠡ ᠪᠦᠲᠦᠭᠡᠯ ᠤᠨ ᠲᠤᠬᠠᠢ ᠲᠥᠪᠯᠡᠷᠡᠩᠭᠦᠢ ᠦᠵᠡᠭᠦᠯᠭᠡ ᠪᠤᠯᠬᠤ ᠪᠠᠷ ᠪᠠᠷᠠᠬᠤ ᠦᠭᠡᠢ ᠨᠠᠩ ᠴᠤ ᠬᠤᠳᠠᠯ ᠬᠠᠭᠤᠷᠮᠠᠭ ᠲᠠᠸᠠᠷ ᠦᠢᠯᠡᠳᠪᠦᠷᠢᠯᠡᠨ ᠪᠣᠷᠣᠯᠠᠭᠤᠯᠬᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠬᠦ ᠠᠴᠢ ᠬᠤᠯᠪᠣᠭᠳᠠᠯ ᠲᠠᠢ ᠪᠠᠶᠢᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠪᠠ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠪᠠ ᠨᠡᠶᠢᠭᠡᠮ ᠤᠨ ᠣᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠴᠢᠬᠤᠯᠠ ᠦᠢᠯᠡᠳᠦᠯ ᠦᠵᠡᠭᠦᠯᠪᠡ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1