ᠭᠦᠭᠡᠬᠤᠲᠠ ᠶᠢᠨ ᠢᠳᠡᠰᠢᠨ ᠨᠣᠭᠤᠭ᠎ᠠ ᠶᠢᠨ ᠬᠠᠩᠭᠠᠯᠭ᠎ᠠ ᠭᠦᠢᠴᠡᠳ ᠪᠠᠶᠢᠨ᠎ᠠ
ᠨᠡᠶᠢᠲᠡᠯᠡᠭᠰᠡᠨ ᠴᠠᠭ᠄
2025/3/30
     ᠭᠦᠭᠡᠬᠤᠲᠠ ᠶᠢᠨ ᠦᠨ᠎ᠡ ᠬᠠᠩᠰᠢ ᠶᠢᠨ ᠭᠡᠷᠡᠴᠢᠯᠡᠯᠲᠡ ᠬᠢᠭᠡᠳ ᠬᠢᠨᠠᠨ ᠬᠡᠮᠵᠢᠯᠲᠡ ᠶᠢᠨ ᠲᠥᠪ ᠤᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠣᠶᠢᠷ᠎ᠠ ᠶᠢᠨ ᠬᠤᠭᠤᠴᠠᠭᠠᠨ ᠳᠤ ᠭᠦᠭᠡᠬᠤᠲᠠ ᠶᠢᠨ ᠢᠳᠡᠰᠢᠨ ᠨᠣᠭᠤᠭ᠎ᠠ᠂ ᠭᠠᠭ᠋ᠠᠢ ᠶᠢᠨ ᠮᠢᠬ᠎ᠠ᠂ ᠦᠬᠡᠷ ᠬᠤᠨᠢᠨ ᠮᠢᠬᠠᠨ ᠤ ᠵᠢᠵᠢᠭᠯᠡᠨ ᠬᠤᠳᠠᠯᠳᠤᠬᠤ ᠦᠨ᠎ᠡ ᠪᠠᠭ᠎ᠠ ᠬᠡᠮᠵᠢᠶ᠎ᠡ ᠪᠠᠷ ᠥᠰᠴᠦ᠂ ᠲᠠᠬᠢᠶᠠᠨ ᠮᠢᠬ᠎ᠠ᠂ ᠲᠠᠬᠢᠶᠠᠨ ᠥᠨᠳᠡᠭᠡ ᠶᠢᠨ ᠵᠢᠵᠢᠭᠯᠡᠨ ᠬᠤᠳᠠᠯᠳᠤᠬᠤ ᠦᠨ᠎ᠡ ᠪᠠᠭᠤᠷᠠᠬᠤ ᠬᠠᠨᠳᠤᠰᠢ ᠲᠠᠢ ᠪᠣᠯᠵᠤ᠂ ᠪᠤᠰᠤᠳ ᠠᠮᠤ ᠪᠤᠳᠠᠭ᠎ᠠ ᠲᠣᠰᠣ ᠬᠤᠯᠢᠰᠢᠨ ᠢᠳᠡᠭᠡᠨ ᠤ ᠵᠢᠵᠢᠭᠯᠡᠨ ᠬᠤᠳᠠᠯᠳᠤᠬᠤ ᠦᠨ᠎ᠡ ᠦᠨᠳᠦᠰᠦᠨ ᠳᠡᠭᠡᠨ ᠲᠣᠭᠲᠠᠭᠤᠨ ᠪᠠᠶᠢᠨ᠎ᠠ᠃ ᠣᠳᠣᠬᠠᠨ ᠳᠤ᠂ ᠭᠦᠭᠡᠬᠤᠲᠠ ᠶᠢᠨ ᠢᠳᠡᠰᠢᠨ ᠨᠣᠭᠤᠭ᠎ᠠ ᠤᠷᠤᠭᠤᠯᠬᠤ ᠵᠠᠮ ᠰᠠᠭᠠᠳ ᠦᠭᠡᠢ ᠨᠡᠪᠲᠡᠷᠡᠵᠦ᠂ ᠬᠠᠩᠭᠠᠯᠭ᠎ᠠ ᠭᠦᠢᠴᠡᠳ ᠪᠠᠶᠢᠨ᠎ᠠ᠃ ᠵᠢᠷᠤᠭ ᠪᠣᠯ 3 ᠰᠠᠷ᠎ᠠ ᠶᠢᠨ 26 ᠤ ᠡᠳᠦᠷ᠂ ᠬᠤᠳᠠ ᠶᠢᠨ ᠠᠷᠠᠳ ᠪᠦᠦ ᠴᠢᠤᠸᠠᠨ ᠵᠤᠸᠠᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠠᠴᠠ ᠢᠳᠡᠰᠢᠨ ᠨᠣᠭᠤᠭ᠎ᠠ ᠬᠤᠳᠠᠯᠳᠤᠨ ᠠᠪᠴᠤ ᠪᠠᠶᠢᠭ᠎ᠠ ᠨᠢ᠃      ᠰᠤᠷᠪᠤᠯᠵᠢᠯᠠᠬᠴᠢ ᠮᠥᠩᠬᠡᠴᠢᠯᠠᠭᠤ ᠰᠡᠭᠦᠳᠡᠷᠯᠡᠪᠡ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1