ᠴᠢᠩ ᠱᠦᠢ ᠾᠧ ᠰᠢᠶᠠᠨ ᠤ ᠬᠢᠨ ᠵᠢᠯᠣᠭᠤᠴᠢ ᠦᠭᠡᠢ ᠨᠢᠰᠬᠡᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠢ | ᠰᠢᠭᠤᠢ ᠶᠢᠨ ᠭᠠᠯ ᠢ ᠰᠡᠷᠭᠡᠶᠢᠯᠡᠬᠦ ᠠᠵᠢᠯ ᠤᠨ ᠳᠤᠮᠳᠠ᠂ ᠵᠢᠯᠣᠭᠤᠴᠢ ᠦᠭᠡᠢ ᠨᠢᠰᠬᠡᠯ ᠤᠨ ᠲᠣᠭᠤᠷᠢᠨ ᠴᠠᠭᠳᠠᠵᠤ | ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠢᠳᠡᠪᠬᠢᠲᠡᠢ ᠠᠰᠢᠭᠯᠠᠪᠠ᠃ | ᠨᠢᠭᠡ ᠳᠤ ᠵᠢᠯᠣᠭᠤᠴᠢ ᠦᠭᠡᠢ ᠨᠢᠰᠬᠡᠯ ᠤᠨ ᠲᠣᠭᠤᠷᠢᠨ ᠴᠠᠭᠳᠠᠵᠤ ᠭᠠᠯ ᠢ ᠰᠡᠷᠭᠡᠶᠢᠯᠡᠬᠦ ᠰᠢᠨ᠎ᠡ ᠬᠢᠯᠠᠰ ᠴᠡᠭ ᠢ | ᠴᠢᠩᠭ᠎ᠠ ᠠᠳᠬᠤᠨ᠎ᠠ᠃ ᠡᠨᠡ ᠵᠢᠯ ᠠᠴᠠ ᠨᠠᠰᠢ᠂ ᠬᠠᠪᠤᠷ ᠤᠨ ᠤᠯᠠᠷᠢᠯ ᠤᠨ ᠶᠡᠭᠡ ᠬᠡᠪᠴᠢᠶᠡᠨ ᠤ ᠰᠠᠯᠬᠢᠨ ᠤ ᠬᠦᠴᠦ | ᠨᠢ ᠨᠡᠯᠢᠶᠡᠳ ᠴᠢᠩᠭ᠎ᠠ ᠪᠠᠶᠢᠵᠤ᠂ ᠭᠠᠯ ᠢ ᠰᠡᠷᠭᠡᠶᠢᠯᠡᠬᠦ ᠳᠠᠷᠤᠭᠠᠰᠤ ᠨᠡᠩ ᠬᠦᠨᠳᠦ ᠪᠣᠯᠣᠭᠰᠠᠨ ᠠᠴᠠ᠂ ᠮᠠᠨ ᠤ | ᠰᠢᠶᠠᠨ ᠵᠢᠯᠣᠭᠤᠴᠢ ᠦᠭᠡᠢ ᠨᠢᠰᠬᠡᠯ ᠤᠨ ᠲᠣᠭᠤᠷᠢᠨ ᠴᠠᠭᠳᠠᠬᠤ ᠠᠵᠠ ᠲᠣᠬᠢᠶᠠᠯ ᠲᠠᠢ ᠨᠢᠭᠲᠠ ᠤᠶᠠᠯᠳᠤᠭᠤᠯᠤᠨ᠂ | ᠵᠢᠯᠣᠭᠤᠴᠢ ᠦᠭᠡᠢ ᠨᠢᠰᠬᠡᠯ ᠢ ᠠᠰᠢᠭᠯᠠᠨ ᠠᠭᠤᠯᠠᠷᠬᠠᠭ ᠣᠷᠣᠨ᠂ ᠣᠶᠢᠲᠤ ᠭᠠᠵᠠᠷ ᠲᠤ ᠥᠨᠳᠥᠷ ᠬᠠᠯᠠᠭᠤᠨ ᠢ | ᠤᠷᠢᠳᠴᠢᠯᠠᠨ ᠰᠡᠷᠡᠮᠵᠢᠯᠡᠭᠦᠯᠬᠦ᠂ ᠬᠥᠮᠥᠨ ᠤ ᠬᠦᠷᠦᠭ ᠤᠨ ᠲᠣᠳᠤ ᠵᠢᠷᠤᠭᠴᠢᠯᠠᠬᠤ᠂ ᠲᠡᠷᠭᠡᠨ ᠨᠣᠮᠧᠷ ᠢ ᠢᠯᠭᠠᠨ | ᠲᠠᠨᠢᠬᠤ᠂ ᠮᠦᠷᠳᠡᠵᠦ ᠨᠡᠬᠡᠮᠵᠢᠯᠡᠨ ᠪᠠᠶᠢᠴᠠᠭᠠᠬᠤ ᠵᠡᠷᠭᠡ ᠲᠠᠯ᠎ᠠ ᠠᠴᠠ ᠲᠣᠭᠤᠷᠢᠨ ᠪᠠᠶᠢᠴᠠᠭᠠᠬᠤ ᠶᠢᠨ ᠬᠠᠮᠲᠤ ︽ᠤᠢ | ᠰᠢᠭᠤᠢ ᠶᠢᠨ ᠭᠠᠯ ᠢ ᠰᠡᠷᠭᠡᠶᠢᠯᠡᠬᠦ ᠳᠤ ᠣᠭᠲᠠᠷᠭᠤᠢ ᠳᠤ ︿ᠨᠢᠳᠦ﹀ ᠪᠤᠢ︾ ᠭᠡᠬᠦ ᠣᠬᠤᠷ ᠸᠢᠳᠢᠤ᠋ ᠶᠢ ᠦᠢᠯᠡᠳᠴᠦ᠂ | ᠡᠯ᠎ᠡ ᠰᠢᠶᠠᠩ ᠪᠠᠯᠭᠠᠰᠤ᠂ ᠠᠯᠪᠠᠨ ᠭᠡᠷ ᠲᠣᠪᠴᠢᠶ᠎ᠠ ᠶᠢᠨ ᠪᠦᠬᠦ ᠠᠵᠢᠯᠲᠠᠳ ᠤᠨ ᠳᠠᠮᠵᠢᠭᠤᠯᠭ᠎ᠠ ᠪᠠᠷ᠂ ᠨᠢᠭᠡ | ᠡᠳᠦᠷ ᠤᠨ ᠲᠤᠲᠤᠷᠠᠬᠢ ᠤᠩᠰᠢᠯᠭ᠎ᠠ ᠶᠢᠨ ᠬᠡᠮᠵᠢᠶ᠎ᠡ ᠬᠤᠶᠠᠷ ᠲᠦᠮᠡ ᠶᠢ ᠳᠠᠪᠠᠵᠤ᠂ ᠰᠢᠨ᠎ᠡ ᠮᠡᠷᠭᠡᠵᠢᠯ ᠢᠶᠠᠷ ᠭᠠᠯ ᠢ | ᠰᠡᠷᠭᠡᠶᠢᠯᠡᠬᠦ ᠠᠵᠢᠯ ᠢ ᠠᠬᠢᠭᠤᠯᠵᠠᠢ᠃ | ᠬᠤᠶᠠᠷ ᠲᠤ ᠬᠠᠯᠠᠮᠰᠢᠯ ᠠᠰᠠᠭᠤᠳᠠᠯ ᠪᠠ ᠪᠣᠳᠠᠲᠠᠢ ᠬᠡᠷᠡᠭ ᠤᠨ ᠵᠢᠱᠢᠶ᠎ᠡ ᠬᠤᠶᠠᠷ ᠢ ᠤᠶᠠᠯᠳᠤᠭᠤᠯᠤᠨ᠎ᠠ᠃ | ᠣᠶ ᠰᠢᠭᠤᠢ ᠶᠢᠨ ᠭᠠᠯ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ᠂ ᠵᠢᠱᠢᠶᠡᠯᠡᠪᠡᠯ ᠬᠠᠩᠰᠢ᠂ ᠲᠠᠪᠤᠨ | ᠰᠠᠷ᠎ᠠ ᠶᠢᠨ ᠨᠢᠭᠡᠨ ᠵᠡᠷᠭᠡ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠲᠤ᠂ ᠲᠠᠬᠢᠯᠭ᠎ᠠ᠂ ᠭᠠᠳᠠᠭᠰᠢ ᠭᠠᠷᠴᠤ | ᠵᠤᠭᠠᠴᠠᠬᠤ ᠵᠡᠷᠭᠡ ᠭᠠᠯ ᠤᠨ ᠬᠡᠷᠡᠭᠴᠡᠭᠡ ᠨᠡᠮᠡᠭᠳᠡᠵᠦ ᠪᠠᠶᠢᠭ᠎ᠠ ᠪᠠᠶᠢᠳᠠᠯ ᠲᠠᠢ ᠤᠶᠠᠯᠳᠤᠭᠤᠯᠤᠨ᠂ ᠵᠢᠯᠣᠭᠤᠴᠢ ᠦᠭᠡᠢ | ᠨᠢᠰᠬᠡᠯ ᠢᠶᠠᠷ ᠲᠣᠭᠤᠷᠢᠨ ᠴᠠᠭᠳᠠᠵᠤ ᠭᠠᠯ ᠢ ᠰᠡᠷᠭᠡᠶᠢᠯᠡᠬᠦ ᠰᠣᠨᠢᠨ ᠮᠡᠳᠡᠭᠡ ᠶᠢ ᠴᠠᠭ ᠲᠤᠬᠠᠢ ᠳᠤᠨᠢ ᠨᠡᠶᠢᠲᠡᠯᠡᠵᠦ᠂ | ᠣᠯᠠᠨ ᠨᠡᠶᠢᠲᠡ ᠳᠤ ᠭᠠᠯ ᠢ ᠰᠡᠷᠭᠡᠶᠢᠯᠡᠬᠦ ᠶᠢ ᠠᠩᠬᠠᠷᠬᠤ ᠶᠢ ᠰᠠᠨᠠᠭᠤᠯᠤᠨ᠎ᠠ︔ ᠵᠢᠯᠣᠭᠤᠴᠢ ᠦᠭᠡᠢ ᠨᠢᠰᠬᠡᠯ ᠤᠨ | ᠭᠠᠯ ᠤᠨ ᠭᠠᠮᠰᠢᠭ ᠤᠨ ᠳᠠᠯᠳᠠ ᠬᠡᠮ ᠢ ᠠᠮᠵᠢᠯᠲᠠ ᠲᠠᠢ ᠪᠠᠷ ᠢᠯᠡᠷᠡᠭᠦᠯᠦᠭᠰᠡᠨ ᠪᠦᠭᠡᠳ ᠤᠷᠢᠳᠴᠢᠯᠠᠨ | ᠰᠡᠷᠡᠮᠵᠢᠯᠡᠭᠦᠯᠦᠭᠰᠡᠨ ᠪᠣᠳᠠᠲᠠᠢ ᠬᠡᠷᠡᠭ ᠤᠨ ᠵᠢᠱᠢᠶ᠎ᠡ ᠶᠢ ᠮᠡᠳᠡᠭᠡᠯᠡᠵᠦ᠂ ᠭᠠᠯ ᠢ ᠰᠡᠷᠭᠡᠶᠢᠯᠡᠬᠦ ᠠᠵᠢᠯ ᠤᠨ ᠳᠤᠮᠳᠠᠬᠢ | ᠵᠢᠯᠣᠭᠤᠴᠢ ᠦᠭᠡᠢ ᠨᠢᠰᠬᠡᠯ ᠤᠨ ᠴᠢᠬᠤᠯᠠ ᠴᠢᠨᠠᠷ ᠢ ᠣᠯᠠᠨ ᠨᠡᠶᠢᠲᠡ ᠳᠤ ᠦᠨᠡᠨ ᠬᠦ ᠮᠡᠳᠡᠷᠡᠭᠦᠯᠵᠦ᠂ ᠭᠠᠯ ᠢ | ᠰᠡᠷᠭᠡᠶᠢᠯᠡᠬᠦ ᠦᠵᠡᠯ ᠤᠬᠠᠮᠰᠠᠷ ᠢ ᠨᠢ ᠴᠢᠩᠭᠠᠷᠠᠭᠤᠯᠤᠨ᠎ᠠ᠃ | | | | |