︵ᠰᠤᠷᠪᠤᠯᠵᠢᠯᠠᠭᠴᠢ ᠠᠷᠢᠭᠤᠨ᠎ᠠ︶ 3 ᠳ᠋ᠤᠭᠠᠷ ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ | ᠰᠤᠷᠤᠯᠭ᠎ᠠ ᠡᠬᠢᠯᠡᠬᠦ ᠶᠣᠰᠣᠯᠠᠯ ᠬᠢᠪᠡ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠴᠢᠶᠣᠤ ᠢᠦᠶ ᡂᠢ ᠬᠤᠷᠠᠯ ᠳᠤ ᠣᠷᠣᠯᠴᠠᠭᠰᠠᠨ ᠪᠥᠭᠡᠳ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ | ᠮᠡᠳᠡᠭᠦᠯᠦᠯᠲᠡ ᠬᠢᠪᠡ᠃ | ᠴᠢᠶᠣᠤ ᠢᠦᠢ ᡂᠢ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠤᠳᠤᠷᠢᠳᠬᠤ ᠺᠠᠳ᠋ᠷ ᠶᠡᠷᠦᠩᠬᠡᠢ ᠱᠦᠵᠢ | ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ | ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠥᠭᠡᠷᠡᠴᠢᠯᠡᠯᠲᠡ ᠶᠢ ᠠᠬᠢᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ | ᠠᠵᠢᠯᠯᠠᠭᠠᠨ ᠤ ᠤᠬᠠᠮᠰᠠᠷ ᠢᠶᠠᠨ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠤᠳᠤᠷᠢᠳᠤᠯᠭ᠎ᠠ ᠶᠢ | ᠥᠭᠡᠷᠡᠴᠢᠯᠡᠯᠲᠡ ᠶᠢᠨ ᠡᠯ᠎ᠡ ᠲᠠᠯ᠎ᠠ ᠶᠢᠨ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠬᠥᠭᠵᠢᠯᠲᠡ ᠶᠢ | ᠬᠢᠵᠠᠭᠠᠷᠯᠠᠵᠤ ᠪᠠᠶᠢᠭ᠎ᠠ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠰᠢᠢᠳᠪᠦᠷᠢᠯᠡᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ | ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ | ᠴᠢᠷᠮᠠᠶᠢᠬᠤ ᠡᠷᠴᠢ ᠵᠣᠷᠢᠭ ᠢᠶᠠᠨ ᠬᠦᠪᠴᠢᠯᠡᠨ᠂ ᠡᠷᠡᠯᠬᠡᠭᠯᠡᠨ ᠲᠡᠮᠡᠴᠡᠬᠦ ᠦᠭᠡᠷᠡᠴᠢᠯᠡᠯᠲᠡ ᠶᠢᠨ ᠬᠤᠰᠢᠭᠤᠴᠢ ᠪᠤᠯᠵᠤ᠂ | ︽ᠲᠡᠭ ᠲᠤ ᠪᠤᠴᠠᠭᠠᠬᠤ︾ ᠣᠪᠣᠷ ᠢᠶᠠᠷ ᠰᠤᠷᠤᠯᠴᠠᠬᠤ᠂ ᠰᠢᠨ᠎ᠡ ᠶᠢ ᠡᠭᠦᠳᠬᠦ᠂ ᠪᠣᠭᠤᠮᠲᠠ ᠰᠢᠪᠲᠤᠯᠬᠤ᠂ ᠪᠣᠳᠠᠲᠠᠢ | ᠠᠵᠢᠯᠯᠠᠬᠤ ᠲᠦᠷᠪᠡᠨ ᠵᠦᠢᠯ ᠤᠨ ᠴᠢᠳᠠᠪᠤᠷᠢ ᠶᠢ ᠲᠠᠬᠢᠨ ᠱᠤᠭᠤᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠬᠠᠷᠠᠯᠲᠠ ᠶᠢ ᠲᠣᠭᠲᠠᠭᠠᠵᠤ᠂ ︽ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠪᠠᠨ | ᠥᠭᠡᠷᠡᠴᠢᠯᠡᠬᠦ᠂ ᠪᠠᠶᠢᠷᠢᠰᠢᠭᠤᠯᠤᠯᠲᠠ ᠪᠠᠨ ᠰᠠᠶᠢᠵᠢᠷᠠᠭᠤᠯᠬᠤ᠂ ᠰᠤᠷᠲᠠᠯ ᠢᠶᠠᠨ ᠰᠠᠶᠢᠵᠢᠷᠠᠭᠤᠯᠬᠤ︾ ᠶᠢ ᠨᠢᠭᠡ | ᠴᠤᠭᠴᠠᠵᠢᠭᠤᠯᠤᠨ ᠠᠬᠢᠭᠤᠯᠵᠤ᠂ ᠣᠷᠣᠨ ᠤ ᠲᠥᠪ ᠬᠤᠲᠠ ᠶᠢᠨ ᠡᠯ᠎ᠡ ᠵᠦᠢᠯ ᠤᠨ ᠦᠢᠯᠡᠰ ᠤᠨ ᠲᠠᠰᠤᠷᠠᠯᠲᠠ | ᠦᠭᠡᠢ ᠰᠢᠨ᠎ᠡ ᠰᠢᠪᠲᠤᠯᠤᠯᠲᠠ ᠲᠠᠢ ᠪᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃ | ᠣᠶᠢᠯᠠᠭᠠᠭᠰᠠᠨ ᠢᠶᠠᠷ᠂ ᠲᠣᠰ ᠰᠤᠷᠤᠯᠭ᠎ᠠ ᠶᠢᠨ ᠬᠤᠭᠤᠴᠠᠭᠠᠨ ᠳᠤ ᠭᠤᠤᠯᠳᠠᠭᠤ ︽ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ︾ ᠶᠢᠨ | ᠳᠠᠪᠲᠠᠨ ᠪᠣᠯᠪᠠᠰᠤᠷᠠᠬᠤ ᠠᠩᠭᠢ ᠵᠡᠷᠭᠡ 7 ᠠᠩᠭᠢ ᠶᠢ ᠨᠡᠭᠡᠭᠡᠵᠦ᠂ ᠨᠡᠶᠢᠲᠡ 360 ᠭᠠᠷᠤᠶ ᠰᠤᠷᠤᠭᠴᠢ ᠶᠢ | ᠪᠤᠯᠪᠠᠰᠤᠷᠠᠭᠤᠯᠤᠨ᠎ᠠ᠃ |