︵ᠰᠤᠷᠪᠤᠯᠵᠢᠯᠠᠭᠴᠢ ᠶᠦᠨ ᠵᠢᠩ︶ 3 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ | ᠳᠤᠮᠳᠠᠳᠤ ᠤᠯᠤᠰ ᠤᠨ ᠤᠩᠭᠤᠴᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠶᠡᠷᠦᠩᠬᠡᠢ ᠳᠠᠭᠠᠭᠠᠮᠠᠯ | ᠸᠠᠩ ᠭᠦᠸᠧ ᠴᠢᠶᠠᠩ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠪᠣᠣ ᠭᠠᠩ ᠳᠤᠮᠳᠠᠳᠤ ᠤᠯᠤᠰ ᠤᠨ ᠤᠩᠭᠤᠴᠠᠨ ᠤ ᠪᠦᠯᠦᠭᠯᠡᠯ ᠵᠢᠴᠢ ᠲᠡᠭᠦᠨ ᠤ ᠬᠠᠷᠢᠶ᠎ᠠ ᠺᠣᠮᠫᠠᠨᠢ ᠶᠢᠨ | ᠣᠷᠣᠨ ᠤ ᠲᠥᠪ ᠬᠤᠲᠠ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠬᠤ ᠶᠢᠨ ᠬᠠᠮᠲᠤ | ᠮᠠᠨ ᠤ ᠬᠤᠲᠠ ᠶᠢᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠣᠶᠢᠷ᠎ᠠ ᠶᠢᠨ ᠵᠢᠯ ᠤᠨ | ᠲᠤᠷᠰᠢ᠂ ᠬᠥᠬᠡᠬᠤᠲᠠ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ︽ | ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠢ ᠲᠦᠷᠭᠡᠳᠭᠡᠨ ᠪᠤᠶᠢᠵᠢᠭᠤᠯᠵᠤ᠂ ᠣᠷᠣᠨ ᠤ ᠲᠥᠪ | ᠬᠤᠲᠠ ᠶᠢᠨ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠪᠦᠬᠦ ᠬᠦᠴᠦᠨ ᠢᠶᠠᠷ ᠢᠶᠠᠨ | ᠪᠠᠶᠢᠭᠤᠯᠪᠠ᠃ ᠳᠤᠮᠳᠠᠳᠤ ᠤᠯᠤᠰ ᠤᠨ ᠤᠩᠭᠤᠴᠠᠨ ᠤ ᠪᠦᠯᠦᠭᠯᠡᠯ ᠤᠨ ᠬᠥᠬᠡᠬᠤᠲᠠ ᠳᠤ ᠪᠠᠶᠢᠷᠢᠰᠢᠭᠤᠯᠤᠨ ᠪᠦᠲᠦᠭᠡᠨ | ᠪᠠᠶᠢᠭᠤᠯᠤᠭᠰᠠᠨ ᠳᠡᠭᠡᠳᠦ ᠴᠡᠪᠡᠷ ᠡᠯᠧᠺᠲᠷᠣᠨ ᠬᠡᠶ ᠪᠡᠶᠡᠲᠦ ᠶᠢᠨ ᠲᠦᠷᠦᠯ ᠵᠦᠢᠯ ᠨᠢ ᠨᠢᠭᠡᠨᠲᠡ ᠵᠢᠩᠬᠢᠨᠢ ᠪᠠᠷ | ᠠᠰᠢᠭᠯᠠᠯᠲᠠ ᠳᠤ ᠣᠷᠣᠵᠤ᠂ ᠣᠷᠣᠨ ᠤ ᠲᠥᠪ ᠬᠤᠲᠠ ᠶᠢᠨ ᠠᠵᠤ ᠦᠢᠯᠡᠰ ᠤᠨ ᠪᠥᠭᠡᠮᠨᠡᠷᠡᠯ ᠤᠨ ᠬᠤᠯᠪᠣᠯᠳᠤᠨ | ᠬᠥᠭᠵᠢᠬᠦ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ ᠳᠤᠮᠳᠠᠳᠤ ᠤᠯᠤᠰ ᠤᠨ ᠤᠩᠭᠤᠴᠠᠨ ᠤ ᠪᠦᠯᠦᠭᠯᠡᠯ ᠤᠨ | ᠬᠢᠨ ᠬᠥᠬᠡᠬᠤᠲᠠ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠬᠤᠶᠢᠰᠢᠳᠠ ᠶᠢᠨ ᠲᠦᠷᠦᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠣᠭᠠᠴᠢᠯᠠᠭᠰᠠᠨ ᠠᠵᠤ ᠦᠢᠯᠡᠰ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ | ᠥᠷᠭᠡᠳᠬᠡᠵᠦ᠂ ᠨᠡᠩ ᠤᠯᠠᠨ ᠳᠡᠭᠡᠳᠦ ᠳᠤᠤᠷᠠᠳᠤ ᠤᠷᠤᠰᠬᠠᠯ ᠤᠨ ᠠᠵᠤ ᠠᠬᠤᠶᠢᠯᠠᠯ ᠢ ᠣᠷᠣᠨ ᠤ ᠲᠥᠪ | ᠬᠤᠲᠠ ᠳᠤ ᠲᠦᠪᠯᠡᠷᠡᠨ ᠬᠠᠮᠲᠤ ᠪᠠᠷ ᠬᠦᠭᠵᠢᠬᠦ ᠶᠢ ᠳᠠᠶᠢᠴᠢᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠬᠦᠷᠳᠡᠬᠦ ᠶᠢ ᠬᠦᠰᠡᠵᠦ ᠪᠠᠶᠢᠨ᠎ᠠ᠃ ᠪᠢᠳᠡ ᠬᠦᠷᠢᠶᠡᠯᠡᠩ ᠲᠣᠭᠤᠷᠢᠭ ᠤᠨ ᠢᠵᠢ ᠪᠦᠷᠢᠳᠦᠭᠦᠯᠬᠦ ᠣᠷᠴᠢᠨ ᠨᠦᠬᠦᠴᠡᠯ ᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠦ᠂ | ᠠᠵᠤ ᠠᠬᠤᠶᠢᠯᠠᠯ ᠢ ᠬᠥᠬᠡᠬᠤᠲᠠ ᠳᠤ ᠰᠠᠨᠠᠭ᠎ᠠ ᠠᠮᠤᠷ ᠪᠠᠯᠠ ᠣᠷᠣᠭᠤᠯᠵᠤ᠂ ᠰᠠᠨᠠᠭ᠎ᠠ ᠠᠮᠤᠷ ᠡᠵᠡᠩᠨᠡᠵᠦ᠂ ᠰᠡᠳᠬᠢᠯ | ᠬᠠᠨᠤᠮᠵᠢᠲᠠᠶ ᠬᠥᠭᠵᠢᠭᠦᠯᠦᠨ᠎ᠡ ᠭᠡᠪᠡ᠃ | ᠸᠠᠩ ᠭᠦᠸᠧ ᠴᠢᠶᠠᠩ ᠪᠦᠦ ᠭᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ | ᠳᠤᠮᠳᠠᠳᠤ ᠤᠯᠤᠰ ᠤᠨ ᠤᠩᠭᠤᠴᠠᠨ ᠤ ᠪᠦᠯᠦᠭᠯᠡᠯ ᠤᠨ ᠲᠤᠬᠠᠶᠢᠯᠠᠭᠰᠠᠨ ᠠᠵᠢᠯ ᠤᠨ ᠬᠥᠭᠵᠢᠯᠲᠡ ᠪᠣᠯᠣᠨ ᠪᠡᠯᠡ | ᠣᠷᠣᠭᠤᠯᠤᠯᠲᠠ ᠶᠢᠨ ᠪᠠᠶᠢᠷᠢᠰᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠵᠤ᠂ ᠮᠠᠨ ᠤ ᠬᠤᠲᠠ ᠶᠢᠨ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | ᠲᠡᠷᠡ ᠬᠡᠯᠡᠬᠦ ᠳᠡᠭᠡᠨ᠂ ᠬᠥᠬᠡᠬᠤᠲᠠ ᠶᠢᠨ ᠬᠥᠭᠵᠢᠯᠲᠡ ᠶᠢᠨ ᠬᠠᠨᠳᠤᠰᠢ ᠮᠠᠰᠢ ᠰᠠᠶᠢᠨ᠂ ᠠᠵᠤ ᠦᠢᠯᠡᠰ ᠤᠨ ᠪᠠᠲᠤ | ᠰᠠᠭᠤᠷᠢ ᠨᠢ ᠡᠯ᠎ᠡ ᠲᠥᠷᠥᠯ ᠤᠨ ᠠᠵᠤ ᠠᠬᠤᠶᠢᠯᠠᠯ ᠳᠤ ᠪᠠᠶᠠᠯᠢᠭ ᠬᠡᠷᠡᠭᠯᠡᠭᠡᠨ ᠤ ᠪᠠᠶᠢᠳᠠᠯ ᠪᠠ ᠬᠥᠭᠵᠢᠯᠲᠡ ᠶᠢᠨ | ᠰᠢᠮᠡᠳᠦ ᠬᠥᠷᠥᠰᠥ ᠶᠢ ᠬᠠᠩᠭᠠᠭᠰᠠᠨ ᠪᠠᠶᠢᠨ᠎ᠠ᠃ ᠳᠤᠮᠳᠠᠳᠤ ᠤᠯᠤᠰ ᠤᠨ ᠤᠩᠭᠤᠴᠠᠨ ᠤ ᠪᠦᠯᠦᠭᠯᠡᠯ | ᠬᠥᠬᠡᠬᠤᠲᠠ ᠯᠤᠭ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠬᠥᠬᠡᠬᠤᠲᠠ ᠳᠤ ᠪᠠᠶᠢᠷᠢᠯᠠᠭᠤᠯᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠨᠡᠩ ᠤᠯᠠᠨ ᠰᠢᠯᠢᠳᠡᠭ ᠲᠦᠷᠦᠯ | ᠵᠦᠢᠯ ᠢ ᠲᠥᠯᠥᠪᠵᠢᠭᠦᠯᠵᠦ᠂ ᠨᠡᠩ ᠤᠯᠠᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠦᠷᠢᠯᠳᠦᠭᠦᠯᠵᠦ᠂ ᠣᠷᠣᠨ | ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠵᠦ | ᠂ ᠲᠥᠪ ᠪᠠ ᠣᠷᠣᠨ ᠤ ᠬᠠᠮᠲᠤᠷᠠᠯᠴᠠᠭᠠᠨ ᠤ ᠰᠢᠨ᠎ᠡ ᠬᠡᠪ ᠳᠠᠭᠤᠷᠢᠶᠠᠯ ᠢ ᠡᠭᠦᠳᠦᠨ᠎ᠡ ᠭᠡᠵᠡᠢ᠃ | ᠯᠢᠦ ᠵᠢᠢ ᠶᠢᠩ ᠵᠢᠴᠢ ᠬᠠᠮᠢᠶ᠎ᠠ ᠪᠦᠬᠦᠢ ᠭᠠᠵᠠᠷ ᠣᠷᠣᠨ ᠤ ᠬᠠᠷᠢᠭᠤᠴᠠᠯᠭᠠᠲᠠᠨ ᠨᠥᠬᠦᠳ ᠣᠷᠣᠯᠴᠠᠵᠠᠢ᠃ | |