ᠪᠣᠣ ᠭᠠᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠶᠦᠨ ᠵᠢᠩ︶ 3 ᠳ᠋ᠤᠭᠠᠷ ᠰᠠᠷ᠎ᠠ ᠶᠢᠨ 31 ᠤ ᠡᠳᠦᠷ᠂ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠯᠠᠨ | ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠪᠥᠬᠦ ᠲᠠᠯ᠎ᠠ ᠪᠠᠷ | ᠬᠠᠤᠯᠢ ᠪᠠᠷ ᠬᠤᠲᠠ ᠶᠢ ᠵᠠᠰᠠᠬᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠪᠠ ᠬᠤᠶᠠᠷ ᠢ | ᠬᠦᠷᠢᠶᠡᠯᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ | ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠯᠠᠪᠳᠠᠭᠤᠨ | ᠪᠠᠲᠤᠲᠠᠶ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠪᠠ ᠳᠤᠮᠳᠠᠳᠤ | ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ᠂ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠵᠡᠷᠭᠡ ᠨᠡᠭᠡᠭᠡᠯᠲᠡ ᠶᠢᠨ ᠲᠠᠪᠴᠠᠩ ᠤᠨ ᠪᠥᠲᠥᠭᠡᠨ | ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠤᠮᠳᠠᠳᠤ ᠧᠦ᠋ᠷᠣᠫᠠ᠂ ᠳᠤᠮᠳᠠᠳᠤ | ᠠᠽᠢᠶ᠎ᠠ ᠶᠢᠨ ᠵᠢᠰᠢᠶᠠᠨ ᠤ ᠭᠠᠯᠲᠤ ᠲᠡᠷᠭᠡᠨ ᠤ ᠲᠡᠭᠡᠭᠡᠪᠦᠷᠢ ᠶᠢᠨ ᠱᠤᠭᠤᠮ ᠪᠠ ᠲᠡᠭᠡᠭᠡᠪᠦᠷᠢ ᠶᠢᠨ ᠦᠢᠯᠡᠳᠦᠯ | ᠴᠢᠳᠠᠪᠤᠷᠢ ᠶᠢ ᠦᠷᠭᠦᠯᠵᠢᠯᠡᠨ ᠥᠷᠭᠡᠳᠬᠡᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ | ᠲᠥᠪᠯᠡᠷᠡᠭᠦᠯᠦᠨ ᠲᠠᠷᠬᠠᠭᠠᠬᠤ ᠲᠥᠪ᠂ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠬᠦᠢᠰᠦ ᠲᠥᠪ ᠢ | ᠲᠦᠷᠭᠡᠳᠬᠡᠨ ᠪᠠᠶᠢᠭᠤᠯᠵᠤ᠂ ᠭᠠᠳᠠᠭᠠᠳᠤ ᠠᠷᠠᠯᠵᠢᠶᠠᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ | ᠥᠷᠭᠡᠳᠬᠡᠬᠦ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠶ᠃ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ | ᠭᠠᠳᠠᠭᠠᠳᠤ ᠪᠡᠯᠡ ᠶᠢ ᠠᠰᠢᠭᠯᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠨᠠᠩ ᠣᠯᠠᠨ ᠭᠠᠳᠠᠭᠠᠳᠤ | ᠠᠷᠠᠯᠵᠢᠶᠠᠨ ᠤ ᠨᠡᠮᠡᠭᠳᠡᠯ ᠤᠨ ᠴᠡᠭ ᠢ ᠪᠤᠶᠢᠵᠢᠭᠤᠯᠬᠤ ᠬᠡᠷᠡᠭᠲᠡᠶ᠃ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ | ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠪᠤᠢ ᠪᠣᠯᠭᠠᠵᠤ᠂ | ᠬᠥᠬᠡᠬᠤᠲᠠ ᠳᠠᠬᠢ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ | ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠬᠠᠤᠯᠢ ᠪᠠᠷ ᠬᠤᠳᠠ ᠪᠠᠨ ᠵᠠᠰᠠᠬᠤ᠂ ᠬᠠᠤᠯᠢ ᠶᠣᠰᠣᠭᠠᠷ ᠲᠦᠷᠦ ᠪᠠᠷᠢᠬᠤ᠂ ᠬᠠᠤᠯᠢ ᠶᠣᠰᠣᠭᠠᠷ | ᠵᠠᠰᠠᠭ ᠪᠠᠷᠢᠬᠤ ᠶᠢ ᠬᠠᠮᠲᠤ ᠪᠠᠷ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠬᠠᠤᠯᠢ | ᠲᠣᠭᠲᠠᠭᠠᠯᠲᠠ ᠶᠢ ᠰᠠᠶᠢᠲᠤᠷ ᠬᠢᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠲᠡᠦᠬᠡ ᠰᠣᠶᠣᠯ ᠤᠨ | ᠬᠠᠮᠠᠭᠠᠯᠠᠯᠲᠠ᠂ ᠦᠨᠳᠦᠰᠦᠨ ᠱᠠᠲᠤᠨ ᠤ ᠵᠠᠰᠠᠯᠲᠠ ᠵᠡᠷᠭᠡ ᠲᠠᠯ᠎ᠠ ᠶᠢᠨ ᠲᠣᠭᠤᠷᠢᠨ ᠳᠤ ︽ᠪᠠᠭ᠎ᠠ ᠲᠠᠯ᠎ᠠ ᠠᠴᠠ | ᠭᠠᠷᠲᠠᠬᠤ᠂ ᠥᠪᠡᠷᠮᠢᠴᠡ ᠣᠨᠴᠠᠯᠢᠭ ᠲᠠᠢ᠂ ᠪᠣᠳᠠᠲᠤ ᠠᠰᠢᠭᠲᠠᠢ︾ ᠬᠠᠤᠯᠢ ᠲᠣᠭᠲᠠᠭᠠᠬᠤ ᠦᠢᠯᠡᠳᠦᠯᠭᠡ ᠶᠢ | ᠠᠬᠢᠭᠤᠯᠵᠤ᠂ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠵᠤ᠂ ᠴᠢᠳᠠᠮᠠᠭᠠᠢ ᠵᠠᠰᠠᠬᠤ ᠶᠢ ᠪᠠᠲᠤᠯᠠᠬᠤ ᠬᠡᠷᠡᠭᠲᠡᠢ᠃ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠪᠠᠷ ᠭᠠᠷᠳᠠᠴᠠ ᠪᠣᠯᠭᠠᠵᠤ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ | ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ | ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠪᠦᠬᠦ ᠤᠯᠤᠰ ᠤᠨ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠪᠦᠬᠦ ᠬᠦᠴᠦᠨ ᠢᠶᠠᠷ ᠢᠶᠠᠨ ᠴᠢᠷᠮᠠᠶᠢᠨ ᠡᠭᠦᠳᠬᠦ ᠬᠡᠷᠡᠭᠲᠡᠢ᠃ | ᠬᠠᠤᠯᠢ ᠴᠠᠭᠠᠵᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ | ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢᠨ ᠡᠷᠬᠡ ᠶᠢᠨ ᠠᠵᠢᠯᠯᠠᠭᠠᠨ ᠢ | ᠵᠢᠷᠤᠮᠵᠢᠭᠤᠯᠵᠤ᠂ ᠬᠠᠤᠯᠢ ᠴᠠᠭᠠᠵᠠ ᠶᠢᠨ ᠬᠡᠷᠡᠭ ᠰᠢᠢᠳᠪᠦᠷᠢᠯᠡᠬᠦ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠠᠷᠠᠳ ᠤᠯᠠᠨ ᠳᠤ ᠬᠠᠤᠯᠢ ᠴᠠᠭᠠᠵᠠ ᠶᠢᠨ ᠬᠡᠷᠡᠭ ᠨᠢᠭᠡᠪᠦᠷᠢ ᠠᠴᠠ ᠲᠥᠪ ᠭᠤᠣᠯᠴᠢ ᠰᠢᠳᠤᠷᠭᠤ | ᠶᠣᠰᠣ ᠶᠢ ᠮᠡᠳᠡᠷᠡᠭᠦᠯᠬᠦ ᠪᠠᠷ ᠴᠢᠷᠮᠠᠶᠢᠬᠤ ᠬᠡᠷᠡᠭᠲᠡᠢ᠃ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠵᠤ᠂ | ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠰᠠᠶᠢᠲᠤᠷ ᠠᠳᠬᠤᠵᠤ᠂ ᠬᠠᠤᠯᠢᠵᠢᠯ ᠤᠨ | ᠤᠬᠠᠭᠤᠯᠭ᠎ᠠ ᠬᠥᠮᠦᠵᠢᠯ ᠢ ᠲᠦᠷᠦᠯ ᠬᠤᠪᠢᠶᠠᠵᠤ ᠤᠯᠠᠨ ᠲᠦᠮᠡᠨ ᠢ ᠢᠯᠭᠠᠨ ᠬᠡᠷᠡᠭᠵᠢᠭᠦᠯᠵᠦ᠂ ᠬᠠᠤᠯᠢ ᠶᠣᠰᠣᠭᠠᠷ | ᠠᠵᠢᠯ ᠶᠠᠪᠤᠳᠠᠯ ᠰᠢᠢᠳᠪᠦᠷᠢᠯᠡᠵᠦ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠵᠦ᠂ ᠠᠰᠠᠭᠤᠳᠠᠯ ᠢ | ᠰᠢᠢᠳᠪᠦᠷᠢᠯᠡᠬᠦ ᠳᠤ ᠬᠠᠤᠯᠢ ᠶᠢ ᠬᠡᠷᠡᠭᠯᠡᠵᠦ᠂ ᠵᠥᠷᠢᠴᠡᠯ ᠢ ᠨᠠᠮᠳᠠᠭᠤᠯᠬᠤ ᠳᠤ ᠬᠠᠤᠯᠢ ᠶᠢ ᠲᠦᠰᠢᠭᠯᠡᠬᠦ ᠨᠡᠶᠢᠭᠡᠮ | ᠳᠠᠶᠠᠭᠠᠷ ᠤᠨ ᠬᠡᠪ ᠰᠤᠷᠲᠠᠯ ᠢ ᠪᠣᠢ ᠪᠣᠯᠭᠠᠬᠤ ᠬᠡᠷᠡᠭᠲᠡᠢ ᠭᠡᠪᠡ᠃ | ᠬᠤᠷᠠᠯ ᠠᠴᠠ ᠮᠠᠨ ᠤ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠪᠠ ᠬᠤᠶᠠᠷ ᠢ | ᠬᠦᠷᠢᠶᠡᠯᠡᠬᠦ ᠠᠵᠢᠯ ᠤᠨ ᠣᠯᠤᠭᠰᠠᠨ ᠪᠣᠳᠠᠲᠤ ᠦᠷ᠎ᠡ ᠪᠦᠲᠦᠮᠵᠢ ᠶᠢ ᠨᠤᠲᠠᠯᠠᠵᠤ᠂ ᠴᠡᠷᠢᠭ ᠠᠩᠭᠢ ᠪᠠ ᠣᠷᠣᠨ | ᠨᠤᠲᠤᠭ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠴᠡᠷᠢᠭ ᠠᠩᠭᠢ ᠪᠠ ᠣᠷᠣᠨ ᠨᠤᠲᠤᠭ ᠤᠨ ᠬᠠᠷᠢᠯᠴᠠᠨ ᠪᠣᠳᠠᠲᠤ | ᠶᠠᠪᠤᠳᠠᠯ ᠬᠢᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠴᠡᠷᠢᠭ ᠠᠩᠭᠢ ᠪᠠ ᠣᠷᠣᠨ ᠨᠤᠲᠤᠭ ᠤᠨ | ᠬᠠᠷᠢᠯᠴᠠᠨ ᠦᠢᠯᠡᠳᠦᠯᠴᠡᠵᠦ ᠬᠠᠷᠢᠯᠴᠠᠨ ᠬᠠᠮᠵᠢᠯᠴᠠᠬᠤ ᠶᠢ ᠠᠬᠢᠭᠤᠯᠬᠤ ᠬᠡᠷᠡᠭᠲᠡᠶ᠃ ᠦᠢᠯᠡᠴᠢᠯᠡᠭᠡ ᠪᠠᠲᠤᠯᠠᠭ᠎ᠠ ᠶᠢᠨ | ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠳᠤ ᠠᠵᠢᠯ | ᠣᠯᠭᠤᠬᠤ᠂ ᠦᠷ᠎ᠡ ᠬᠡᠦᠬᠡᠳ ᠤᠨ ᠰᠤᠷᠭᠠᠨ ᠬᠥᠮᠦᠵᠢᠯ ᠤᠨ ᠬᠠᠷᠠᠭᠠᠯᠵᠠᠯ ᠬᠦᠷᠲᠡᠭᠡᠬᠦ ᠵᠢᠴᠢ ᠴᠡᠷᠢᠭ ᠤᠨ | ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠦᠷᠲᠡᠮᠵᠢ ᠶᠢᠨ ᠲᠦᠷᠦᠭᠳᠡᠯ ᠪᠣᠯᠤᠨ ᠢᠷᠠᠭᠤ ᠠᠯᠳᠠᠷ ᠤᠨ | ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠬᠤᠶᠠᠷ ᠢ ᠬᠦᠷᠢᠶᠡᠯᠡᠬᠦ ᠤᠬᠠᠭᠤᠯᠭ᠎ᠠ ᠪᠠ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ | ᠬᠡᠯᠪᠡᠷᠢ ᠪᠠᠷ ᠴᠡᠷᠢᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |