| | | ᠪᠡᠶ᠎ᠡ ᠶᠢᠨ ᠡᠷᠬᠡᠲᠡᠨ ᠢᠶᠠᠨ ᠬᠠᠨᠳᠢᠪᠯᠠᠭᠰᠠᠳ ᠤᠨ ᠠᠭᠤᠤ ᠶᠡᠭᠡ ᠦᠢᠯᠡ ᠠᠵᠢᠯᠯᠠᠭ᠎ᠠ ᠶᠢ ᠭᠦᠨ᠎ᠡ ᠮᠥᠷᠥᠭᠡᠳᠦᠨ | ᠰᠠᠨᠠᠭᠠᠯᠵᠠᠵᠤ᠂ ︽ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢᠯᠡᠬᠦ︾ ᠤᠯᠠᠭᠠᠨ ᠵᠠᠭᠠᠯᠮᠠᠶᠢᠳᠠᠨ ᠤ | ᠵᠣᠷᠢᠭ ᠰᠠᠨᠠᠭ᠎ᠠ ᠶᠢ ᠪᠠᠳᠠᠷᠠᠭᠤᠯᠵᠤ᠂ ᠴᠢᠩ ᠱᠦᠢ ᠾᠧ ᠰᠢᠶᠠᠨ ᠤ ᠬᠥᠮᠥᠨ ᠤ ᠪᠡᠶ᠎ᠡ ᠶᠢᠨ ᠡᠷᠬᠡᠲᠡᠨ ᠢᠶᠠᠨ | ᠬᠠᠨᠳᠢᠪᠯᠡᠬᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠤᠰᠠᠳᠠ᠂ ᠴᠢᠩ | ᠱᠦᠢ ᠾᠧ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ᠰᠢᠶᠠᠨ ᠤ ᠡᠮᠨᠡᠯᠭᠡ ᠶᠢᠨ ᠬᠤᠷᠢᠶ᠎ᠠ᠂ | ᠬᠤᠸᠠ ᠶᠤᠸᠠᠨ ᠨᠡᠶᠢᠭᠡᠮ ᠲᠣᠭᠤᠷᠢᠭ ᠲᠠᠢ ᠬᠤᠯᠪᠤᠭᠠᠯᠠᠨ ᠲᠦᠭᠡᠮᠡᠯ ᠬᠠᠶᠢᠷ᠎ᠠ ᠶᠢᠨ ᠭᠡᠷ ᠣᠷᠣᠨ ᠳᠤ ︽ᠠᠮᠢ | ᠨᠠᠰᠤᠨ ᠤ ᠪᠤᠤᠬᠢᠶ᠎ᠠ ᠶᠡᠭᠡ ᠬᠠᠶᠢᠷ᠎ᠠ ᠶᠢ ᠳᠠᠮᠵᠢᠭᠤᠯᠬᠤ︾ ᠠᠯᠪᠠᠨ ᠵᠢᠷᠤᠮ ᠤᠨ ᠡᠮᠴᠢᠯᠡᠭᠡ᠂ ᠤᠬᠠᠭᠤᠯᠭ᠎ᠠ ᠶᠢᠨ | ᠭᠤᠣᠯ ᠰᠡᠳᠦᠪᠲᠦ ᠠᠵᠢᠯᠯᠠᠭ᠎ᠠ ᠦᠷᠨᠢᠭᠦᠯᠪᠡ᠃ | | | | | | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠠᠯᠪᠠᠨ ᠵᠢᠷᠤᠮ ᠤᠨ ᠡᠮᠴᠢᠯᠡᠭᠡ᠂ ᠸᠢᠳᠢᠤ᠋ ᠨᠡᠪᠲᠡᠷᠡᠭᠦᠯᠬᠦ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠪᠡᠶ᠎ᠡ ᠶᠢᠨ | ᠡᠷᠬᠡᠲᠡᠨ ᠢᠶᠠᠨ ᠬᠠᠨᠳᠢᠪᠯᠡᠬᠤ ᠶᠢᠨ ᠠᠴᠢ ᠬᠤᠯᠪᠣᠭᠳᠠᠯ᠂ ᠴᠤᠪᠤᠷᠠᠯ ᠪᠠ ᠤᠯᠠᠭᠠᠨ ᠵᠠᠭᠠᠯᠮᠠᠶᠢᠲᠠᠨ ᠤ ᠬᠠᠮᠢᠶ᠎ᠠ ᠪᠦᠬᠦᠢ | ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠣᠯᠠᠨ ᠨᠡᠶᠢᠲᠡ ᠶᠢᠨ ᠡᠷᠬᠡᠲᠡᠨ ᠢᠶᠠᠨ ᠬᠠᠨᠳᠢᠪᠯᠡᠬᠤ ᠶᠢᠨ ᠲᠤᠬᠠᠢ | ᠠᠳᠡᠭᠦᠦ ᠣᠶᠢᠯᠠᠭᠠᠯᠲᠠ ᠪᠠ ᠡᠷᠡᠭᠡᠯᠵᠡᠭᠡ ᠶᠢ ᠠᠷᠢᠯᠭᠠᠪᠠ᠃ | | | | | | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠨᠠᠩ ᠣᠯᠠᠨ ᠣᠯᠠᠨ ᠲᠦᠮᠡᠨ ᠳᠤ ᠪᠡᠶ᠎ᠡ ᠶᠢᠨ | ᠡᠷᠬᠡᠲᠡᠨ ᠢᠶᠠᠨ ᠬᠠᠨᠳᠢᠪᠯᠡᠬᠤ ᠮᠡᠳᠡᠯᠭᠡ ᠶᠢ ᠣᠶᠢᠯᠠᠭᠠᠭᠤᠯᠵᠤ᠂ ᠣᠯᠠᠨ ᠨᠡᠶᠢᠲᠡ ᠶᠢᠨ ᠡᠷᠬᠡᠲᠡᠨ ᠢᠶᠠᠨ ᠬᠠᠨᠳᠢᠪᠯᠡᠬᠤ | ᠲᠤᠬᠠᠢ ᠲᠠᠨᠢᠯᠲᠠ ᠪᠠ ᠮᠡᠳᠡᠷᠡᠮᠵᠢ ᠶᠢ ᠳᠡᠭᠡᠭᠰᠢᠯᠡᠭᠦᠯᠦᠨ᠂ ᠡᠷᠬᠡᠲᠡᠨ ᠢᠶᠠᠨ ᠬᠠᠨᠳᠢᠪᠯᠡᠬᠤ ᠶᠢ ᠳᠡᠮᠵᠢᠬᠦ ᠰᠠᠶᠢᠨ | ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠭᠰᠠᠨ ᠢᠶᠠᠷ ᠪᠠᠷᠠᠬᠤ ᠦᠭᠡᠢ ᠪᠠᠰᠠ ᠣᠯᠠᠨ ᠲᠦᠮᠡᠨ ᠤ | ᠡᠪᠡᠳᠴᠢᠨ ᠰᠡᠷᠭᠡᠶᠢᠯᠡᠵᠦ ᠡᠪᠡᠳᠴᠢᠨ ᠵᠠᠰᠠᠬᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠨᠡᠮᠡᠭᠳᠡᠭᠦᠯᠦᠭᠰᠡᠨ ᠪᠠᠶᠢᠨ᠎ᠠ᠃ | |