ᠣᠶᠢᠷ᠎ᠠ ᠳᠤ᠂ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ | ᠲᠣᠪᠴᠢᠶ᠎ᠠ ᠠᠴᠠ ᠭᠤᠣᠯᠯᠠᠨ ᠡᠷᠭᠢᠯᠡᠭᠰᠡᠨ 2025 ᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ᠂ | ᠴᠡᠷᠢᠭ ᠤᠨ ᠭᠡᠷ ᠪᠦᠯᠢ ᠶᠢᠨ ᠬᠢᠨ ᠤ ᠲᠤᠰᠬᠠᠢ ᠲᠠᠯᠠᠪᠠᠢ ᠤᠷᠢᠨ ᠡᠯᠰᠡᠬᠦ ᠴᠤᠭᠯᠠᠭᠠᠨ ᠭᠦᠭᠡᠬᠤᠲᠠ ᠶᠢᠨ | ᠨᠡᠶᠢᠭᠡᠮᠴᠢᠯᠡᠭᠰᠡᠨ ᠴᠡᠷᠢᠭ ᠢᠶᠠᠨ ᠬᠦᠷᠢᠶᠡᠯᠡᠬᠦ ᠦᠢᠯᠡᠴᠢᠯᠡᠭᠡᠨ ᠤ ᠵᠢᠱᠢᠶ᠎ᠡ ᠦᠵᠡᠭᠦᠯᠭᠦ ᠬᠦᠷᠢᠶᠡᠯᠡᠩ ᠳᠤ ᠶᠠᠪᠤᠭᠳᠠᠵᠤ᠂ | ᠥᠷᠭᠡᠨ ᠣᠯᠠᠨ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠠᠵᠢᠯ ᠣᠯᠬᠤ ᠲᠠᠪᠴᠠᠩ ᠬᠠᠩᠭᠠᠵᠤ᠂ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠠᠵᠢᠯ ᠣᠯᠬᠤ ᠠᠷᠭ᠎ᠠ ᠵᠠᠮ ᠢ ᠴᠢᠨᠠᠭᠰᠢᠳᠠ ᠥᠷᠭᠡᠳᠬᠡᠬᠦ ᠶᠢ ᠠᠬᠢᠭᠤᠯᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠢᠨ ᠡᠯᠰᠡᠬᠦ ᠴᠤᠭᠯᠠᠭᠠᠨ ᠨᠢ 46 ᠠᠵᠤ ᠠᠬᠤᠶᠢᠯᠠᠯ ᠢ | ᠰᠣᠩᠭᠤᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠡᠮ ᠡᠮᠨᠡᠯᠭᠡ᠂ ᠰᠤᠷᠭᠠᠨ ᠬᠥᠮᠦᠵᠢᠯ᠂ ᠰᠢᠨ᠎ᠡ | ᠵᠠᠭᠤᠴᠢᠯᠠᠭᠤᠷ ᠤᠨ ᠤᠬᠠᠭᠠᠯᠠᠯ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ 16 ᠬᠠᠯᠠᠮᠰᠢᠯ ᠬᠦᠷᠢᠶ᠎ᠡ | ᠴᠠᠷᠠᠭ᠎ᠠ ᠶᠢ ᠬᠠᠮᠤᠷᠴᠤ᠂ ᠲᠣᠨᠤᠭ ᠲᠥᠬᠦᠭᠡᠷᠦᠮᠵᠢ ᠦᠢᠯᠡᠳᠬᠦ᠂ ᠮᠡᠳᠡᠭᠡ ᠵᠠᠩᠭᠢ ᠶᠢᠨ ᠮᠡᠷᠭᠡᠵᠢᠯ᠂ ᠰᠢᠨ᠎ᠡ | ᠵᠠᠭᠤᠴᠢᠯᠠᠭᠤᠷ ᠤᠨ ᠤᠬᠠᠭᠤᠯᠭ᠎ᠠ ᠵᠡᠷᠭᠡ 760 ᠭᠠᠷᠤᠢ ᠰᠢᠯᠢᠳᠡᠭ ᠠᠵᠢᠯ ᠤᠨ ᠪᠠᠶᠢᠷᠢ ᠬᠠᠩᠭᠠᠵᠤ᠂ 300 ᠭᠠᠷᠤᠢ | ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠭᠡᠷ ᠪᠦᠯᠢ ᠶᠢᠨ ᠬᠢᠨ ᠠᠵᠢᠯᠯᠠᠭ᠎ᠠ ᠳᠤ ᠣᠷᠣᠯᠴᠠᠵᠠᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠪᠠᠰᠠ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ᠂ | ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠤᠷ᠎ᠠ ᠴᠢᠳᠠᠪᠤᠷᠢ ᠶᠢᠨ ᠪᠣᠯᠪᠠᠰᠤᠷᠠᠯ᠂ ᠣᠶᠢᠷ᠎ᠠ ᠣᠭᠲᠠᠷᠭᠤᠢ ᠶᠢᠨ | ᠠᠵᠤ ᠠᠬᠤᠢ ᠶᠢᠨ ᠤᠷᠢᠨ ᠡᠯᠰᠡᠬᠦ ᠲᠤᠰᠬᠠᠢ ᠲᠣᠭᠤᠷᠢᠭ ᠵᠡᠷᠭᠡ ᠦᠢᠯᠡᠴᠢᠯᠡᠭᠡᠨ ᠤ ᠲᠣᠭᠤᠷᠢᠭ ᠭᠠᠷᠭᠠᠵᠤ᠂ ᠠᠵᠢᠯ | ᠡᠷᠢᠭᠰᠡᠳ ᠤᠨ ᠠᠵᠢᠯ ᠮᠡᠷᠭᠡᠵᠢᠯ ᠤᠨ ᠬᠥᠭᠵᠢᠯᠲᠡ ᠳᠤ ᠪᠦᠭᠦ ᠲᠠᠯ᠎ᠠ ᠪᠠᠷ ᠬᠠᠪᠰᠤᠷᠤᠯᠭ᠎ᠠ ᠬᠠᠩᠭᠠᠪᠠ᠃ | ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠴᠡᠷᠢᠭ ᠤᠨ | ᠠᠯᠪᠠ ᠠᠴᠠ ᠬᠠᠯᠠᠭᠳᠠᠭᠰᠠᠳ᠂ ᠴᠡᠷᠢᠭ ᠤᠨ ᠭᠡᠷ ᠪᠦᠯᠢ ᠶᠢᠨ ᠬᠢᠨ ᠤ ᠠᠵᠢᠯ ᠣᠯᠭᠤᠯᠲᠠ ᠶᠢᠨ ᠲᠤᠰᠬᠠᠢ | ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠭᠡᠷ | ᠪᠦᠯᠢ ᠶᠢᠨ ᠬᠢᠨ ᠬᠢᠭᠡᠳ ᠬᠥᠮᠥᠨ ᠬᠡᠷᠡᠭᠯᠡᠬᠦ ᠨᠢᠭᠡᠴᠢ ᠶᠢᠨ ᠬᠤᠭᠤᠷᠣᠨᠳᠣᠭᠢ ᠣᠨᠣᠴᠠᠲᠠᠢ ᠬᠤᠣᠰ ᠴᠢᠭᠯᠡᠯ ᠤᠨ | ᠰᠣᠯᠢᠯᠴᠠᠭ᠎ᠠ ᠶᠢ ᠴᠢᠩᠭᠠᠳᠬᠠᠵᠤ᠂ ᠰᠠᠷ᠎ᠠ ᠪᠦᠷᠢ ᠨᠢᠭᠡ ᠤᠳᠠᠭ᠎ᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ᠂ | ᠴᠡᠷᠢᠭ ᠤᠨ ᠭᠡᠷ ᠪᠦᠯᠢ ᠶᠢᠨ ᠬᠢᠨ ᠤ ᠲᠤᠰᠬᠠᠢ ᠲᠠᠯᠠᠪᠠᠢ ᠤᠷᠢᠨ ᠡᠯᠰᠡᠬᠦ ᠴᠤᠭᠯᠠᠭᠠᠨ ᠢ ᠪᠠᠶᠢᠩᠭᠤᠵᠢᠭᠤᠯᠤᠨ | ᠥᠷᠨᠢᠭᠦᠯᠵᠦ᠂ ︽ᠭᠤᠷᠪᠠ ᠶᠢ ᠨᠢᠭᠡ ᠴᠣᠭᠴᠠᠵᠢᠭᠤᠯᠬᠤ︾ ᠦᠢᠯᠡᠴᠢᠯᠡᠭᠡᠨ ᠤ ᠰᠢᠰᠲ᠋ᠧᠮ ᠢ ᠢᠳᠡᠪᠬᠢᠲᠡᠢ | ᠪᠠᠶᠢᠭᠤᠯᠤᠨ᠂ ︽ᠪᠣᠯᠪᠠᠰᠤᠷᠠᠯ + ᠲᠠᠨᠢᠯᠴᠠᠭᠤᠯᠭ᠎ᠠ + ᠠᠵᠢᠯ ᠣᠯᠭᠤᠯᠲᠠ︾ ᠶᠢᠨ ᠦᠢᠯᠡᠴᠢᠯᠡᠭᠡᠨ ᠤ ᠵᠠᠭᠪᠤᠷ ᠢ | ᠪᠦᠷᠢᠯᠳᠦᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠴᠡᠷᠢᠭ ᠤᠨ ᠭᠡᠷ ᠪᠦᠯᠢ ᠶᠢᠨ ᠬᠢᠨ ᠳᠤ ᠪᠦᠭᠦ | ᠲᠠᠯ᠎ᠠ ᠶᠢᠨ᠂ ᠳᠥᠭᠦᠮ ᠳᠥᠲᠡ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ᠂ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ︽ᠪᠠᠶᠢᠯᠳᠤᠭᠠᠨ ᠤ ᠲᠠᠯᠠᠪᠤᠷ ᠤᠨ ᠬᠤᠰᠢᠭᠤᠴᠢ︾ ᠪᠠᠶᠢᠭᠰᠠᠨ ᠠᠴᠠ ᠪᠠᠨ ︽ᠠᠵᠢᠯ ᠤᠨ | ᠪᠠᠶᠢᠷᠢ ᠶᠢᠨ ᠬᠤᠰᠢᠭᠤᠴᠢ︾ ᠪᠤᠯᠬᠤ ᠬᠤᠪᠢᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ | |