4 ᠰᠠᠷ᠎ᠠ ᠶᠢᠨ 3 ᠤ ᠡᠳᠦᠷ᠂ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ | ᠡᠪᠯᠡᠯ ᠠᠴᠠ ᠣᠶᠢᠯᠠᠭᠠᠭᠰᠠᠨ ᠢᠶᠠᠷ᠂ 2025 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ | ᠶᠡᠷᠦᠩᠬᠡᠢ ᠡᠪᠯᠡᠯ ᠠᠴᠠ ᠣᠷᠣᠨ ᠤ ᠳᠣᠲᠣᠷᠠᠬᠢ ᠡᠯ᠎ᠡ ᠱᠠᠲᠤᠨ ᠤ ᠠᠵᠢᠯᠴᠢᠨ ᠤ ᠡᠪᠯᠡᠯ ᠤᠨ ᠬᠢᠨ ᠬᠥᠭᠵᠢᠯ ᠦᠭᠡᠢ | ᠤᠯᠠᠷᠢᠯ ᠳᠤ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠵᠢᠯᠴᠢᠨ ᠤ ᠡᠪᠯᠡᠯ ᠤᠨ ᠬᠠᠷᠢᠶ᠎ᠠ ᠪᠦᠬᠦᠢ | ᠠᠵᠢᠯᠴᠢᠨ ᠤ ᠰᠤᠪᠢᠯᠠᠯᠲᠠ ᠶᠢᠨ ᠬᠦᠷᠢᠶᠡᠯᠡᠩ ᠳᠤ ᠡᠯ᠎ᠡ ᠲᠥᠷᠥᠯ ᠤᠨ ᠰᠤᠪᠢᠯᠠᠯᠲᠠ ᠠᠮᠠᠷᠠᠯᠲᠠ ᠶᠢᠨ ᠠᠵᠢᠯᠯᠠᠭ᠎ᠠ | ᠥᠷᠨᠢᠭᠦᠯᠬᠦ ᠳᠤ ᠪᠡᠯᠡ ᠮᠥᠩᠭᠦ ᠶᠢᠨ ᠨᠥᠬᠦᠪᠦᠷᠢ ᠥᠭᠴᠦ᠂ ᠨᠥᠬᠦᠪᠦᠷᠢ ᠶᠢᠨ ᠪᠠᠷᠢᠮᠵᠢᠶ᠎ᠠ ᠨᠢ ᠬᠥᠮᠥᠨ ᠪᠣᠯᠭᠠᠨ ᠳᠤ | ᠡᠳᠦᠷ ᠪᠦᠷᠢ 200 ᠲᠥᠭᠦᠷᠢᠭ ᠪᠣᠯᠣᠨ᠎ᠠ᠃ | ᠣᠶᠢᠯᠠᠭᠠᠭᠰᠠᠨ ᠢᠶᠠᠷ᠂ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠲᠢᠩᠬᠢᠮ | ᠲᠦᠷᠦᠭᠦᠬᠡᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ︽ᠠᠷᠪᠠᠨ ᠵᠦᠢᠯ ᠤᠨ ᠠᠷᠭ᠎ᠠ ᠬᠡᠮᠵᠢᠶ᠎ᠡ︾ ᠪᠠᠷ ᠠᠵᠢᠯᠲᠠᠨ | ᠠᠵᠢᠯᠴᠢᠨ ᠤ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ ᠶᠢ ᠠᠬᠢᠭᠤᠯᠤᠨ᠎ᠠ ᠭᠡᠵᠡᠢ᠂ ᠠᠵᠢᠯᠲᠠᠨ ᠠᠵᠢᠯᠴᠢᠨ ᠤ | ᠰᠤᠪᠢᠯᠠᠯᠲᠠ ᠠᠮᠠᠷᠠᠯᠲᠠ ᠶᠢᠨ ᠬᠡᠪᠴᠢᠶ᠎ᠡ ᠶᠢ ᠥᠷᠭᠡᠳᠬᠡᠬᠦ ᠪᠣᠯ ᠡᠭᠦᠨ ᠤ ᠳᠣᠲᠣᠷᠠᠬᠢ ᠨᠢᠭᠡ ᠨᠢ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠠᠴᠠ | ᠰᠤᠳᠤᠯᠤᠨ ᠲᠣᠭᠲᠠᠭᠠᠬᠤ ᠪᠠᠷ ᠳᠠᠮᠵᠢᠭᠠᠳ᠂ ︽ᠠᠵᠢᠯᠴᠢᠨ ᠤ ᠰᠤᠪᠢᠯᠠᠯᠲᠠ ᠶᠢᠨ ᠬᠦᠷᠢᠶᠡᠯᠡᠩ ᠤᠨ ᠬᠥᠭᠵᠢᠯ ᠦᠭᠡᠢ | ᠤᠯᠠᠷᠢᠯ ᠳᠤ ᠰᠤᠪᠢᠯᠠᠯᠲᠠ ᠠᠮᠠᠷᠠᠯᠲᠠ ᠶᠢᠨ ᠠᠵᠢᠯᠯᠠᠭ᠎ᠠ ᠶᠢ ᠬᠥᠭᠵᠢᠭᠦᠯᠬᠦ ᠳᠤ ᠪᠡᠯᠡ ᠮᠥᠩᠭᠦ ᠶᠢᠨ ᠨᠥᠬᠦᠪᠦᠷᠢ ᠥᠭᠬᠦ | ᠶᠢ ᠳᠡᠮᠵᠢᠬᠦ ᠲᠤᠬᠠᠢ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ | ᠶᠢ ᠨᠡᠶᠢᠲᠡᠯᠡᠵᠦ᠂ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠬᠡᠷᠡᠭᠯᠡᠭᠡᠨ ᠳᠤ ᠤᠯᠠᠮ ᠨᠢᠭᠡ ᠠᠯᠬᠤᠮ ᠬᠦᠴᠦᠨ | ᠨᠡᠮᠡᠷᠢᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠪᠣᠯᠣᠨ᠎ᠠ᠃ | ︽ᠠᠷᠭ᠎ᠠ︾ ᠳᠤ᠂ ︽ᠠᠵᠢᠯᠲᠠᠨ ᠠᠵᠢᠯᠴᠢᠨ ᠤ ᠰᠤᠪᠢᠯᠠᠯᠲᠠ ᠠᠮᠠᠷᠠᠯᠲᠠ ᠶᠢᠨ ᠠᠵᠢᠯᠯᠠᠭ᠎ᠠ︾ ᠭᠡᠳᠡᠭ ᠪᠣᠯ | ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠰᠢᠶᠠᠨ ᠤ ᠱᠠᠲᠤᠨ ᠠᠴᠠ ᠳᠡᠭᠡᠭᠰᠢᠬᠢ ︵ᠰᠢᠶᠠᠨ ᠤ ᠱᠠᠲᠤ ᠶᠢ | ᠪᠠᠭᠲᠠᠭᠠᠨ᠎ᠠ︶ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠵᠢᠱᠢᠶ᠎ᠡ ᠦᠵᠡᠭᠦᠯᠭᠦ ᠴᠢᠨᠠᠷᠲᠠᠢ | ᠠᠵᠢᠯᠲᠠᠨ ᠠᠵᠢᠯᠴᠢᠨ ᠤ ᠰᠤᠪᠢᠯᠠᠯᠲᠠ ᠠᠮᠠᠷᠠᠯᠲᠠ ᠶᠢᠨ ᠠᠵᠢᠯᠯᠠᠭ᠎ᠠ ︵ᠥᠪᠡᠷᠲᠡᠭᠡᠨ ᠵᠠᠰᠠᠬᠤ ᠣᠷᠣᠨ ᠤ | ᠠᠵᠢᠯᠴᠢᠨ ᠤ ᠶᠡᠷᠦᠩᠬᠡᠢ ᠡᠪᠯᠡᠯ ᠤᠨ ᠲᠣᠰ ᠱᠠᠲᠤᠨ ᠤ ᠵᠣᠬᠢᠶᠠᠨ ᠪᠠᠶᠢᠭᠤᠯᠤᠭᠰᠠᠨ ᠵᠢᠱᠢᠶ᠎ᠡ ᠦᠵᠡᠭᠦᠯᠭᠦ ᠴᠢᠨᠠᠷᠲᠠᠢ | ᠠᠵᠢᠯᠲᠠᠨ ᠠᠵᠢᠯᠴᠢᠨ ᠤ ᠰᠤᠪᠢᠯᠠᠯᠲᠠ ᠠᠮᠠᠷᠠᠯᠲᠠ ᠶᠢᠨ ᠠᠵᠢᠯᠯᠠᠭ᠎ᠠ ᠪᠠᠭᠲᠠᠬᠤ ᠦᠭᠡᠢ︶ ᠵᠢᠴᠢ ᠦᠨᠳᠦᠰᠦᠨ | ᠱᠠᠲᠤᠨ ᠤ ᠠᠵᠢᠯᠴᠢᠨ ᠤ ᠡᠪᠯᠡᠯ ᠠᠴᠠ ᠲᠣᠰ ᠨᠢᠭᠡᠴᠢ ᠶᠢᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ | ᠣᠷᠣᠯᠴᠠᠬᠰᠠᠨ ᠰᠤᠪᠢᠯᠠᠯᠲᠠ ᠠᠮᠠᠷᠠᠯᠲᠠ ᠶᠢᠨ ᠠᠵᠢᠯᠯᠠᠭ᠎ᠠ ᠶᠢ ᠵᠢᠭᠠᠵᠤ ᠪᠠᠶᠢᠨ᠎ᠠ︔ ︽ᠥᠪᠡᠷᠲᠡᠭᠡᠨ ᠵᠠᠰᠠᠬᠤ | ᠣᠷᠣᠨ ᠤ ᠡᠯ᠎ᠡ ᠱᠠᠲᠤᠨ ᠤ ᠠᠵᠢᠯᠴᠢᠨ ᠤ ᠡᠪᠯᠡᠯ ᠤᠨ ᠬᠠᠷᠢᠶ᠎ᠠ ᠪᠦᠬᠦᠢ ᠠᠵᠢᠯᠴᠢᠨ ᠤ ᠰᠤᠪᠢᠯᠠᠯᠲᠠ ᠶᠢᠨ ᠬᠦᠷᠢᠶᠡᠯᠡᠩ | ︾ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠷᠢᠶ᠎ᠠ ᠪᠦᠬᠦᠢ ᠥᠪᠥᠷ | ᠮᠣᠩᠭᠤᠯ ᠤᠨ ᠠᠵᠢᠯᠴᠢᠨ ᠤ ᠰᠤᠪᠢᠯᠠᠯᠲᠠ ᠶᠢᠨ ᠬᠦᠷᠢᠶᠡᠯᠡᠩ ᠪᠠ ᠪᠤᠭᠤᠲᠤ ᠬᠤᠲᠠ ᠶᠢᠨ ᠠᠵᠢᠯᠴᠢᠨ ᠤ ᠶᠡᠷᠦᠩᠬᠡᠢ | ᠡᠪᠯᠡᠯ ᠤᠨ ᠬᠠᠷᠢᠶ᠎ᠠ ᠪᠦᠬᠦᠢ ᠥᠪᠥᠷ ᠮᠣᠩᠭᠤᠯ ᠤᠨ ᠠᠵᠢᠯᠴᠢᠨ ᠤ ᠪᠤᠭᠤᠲᠤ ᠶᠢᠨ ᠰᠤᠪᠢᠯᠠᠯᠲᠠ ᠶᠢᠨ ᠬᠦᠷᠢᠶᠡᠯᠡᠩ ᠢ | ᠵᠢᠭᠠᠵᠤ ᠪᠤᠶ︔ ︽ᠬᠥᠭᠵᠢᠯ ᠦᠭᠡᠢ ᠤᠯᠠᠷᠢᠯ ᠤᠨ ᠰᠤᠪᠢᠯᠠᠯᠲᠠ︾ ᠭᠡᠳᠡᠭ ᠨᠢ ᠤᠯᠠᠷᠢᠯ ᠤᠨ ᠡᠯᠧᠮᠧᠨ᠋ᠲ ᠤᠨ | ᠨᠥᠯᠥᠭᠡ ᠠᠴᠠ ᠪᠣᠯᠵᠤ ᠠᠵᠢᠯᠴᠢᠨ ᠤ ᠰᠤᠪᠢᠯᠠᠯᠲᠠ ᠶᠢᠨ ᠬᠦᠷᠢᠶᠡᠯᠡᠩ ᠢ ᠬᠡᠷᠡᠭᠯᠡᠬᠦ ᠨᠣᠷᠮ᠎ᠠ ᠳᠣᠣᠷ᠎ᠠ ᠪᠠᠶᠢᠬᠤ | ᠪᠠᠶᠢᠳᠠᠯ ᠳᠣᠣᠷ᠎ᠠ ᠥᠷᠨᠢᠭᠦᠯᠬᠦ ᠰᠤᠪᠢᠯᠠᠯᠲᠠ ᠠᠮᠠᠷᠠᠯᠲᠠ ᠶᠢᠨ ᠠᠵᠢᠯᠯᠠᠭ᠎ᠠ ᠶᠢ ᠵᠢᠭᠠᠵᠤ ᠪᠠᠶᠢᠨ᠎ᠠ᠃ ᠥᠪᠥᠷ | ᠮᠣᠩᠭᠤᠯ ᠤᠨ ᠰᠤᠪᠢᠯᠠᠯᠲᠠ ᠠᠮᠠᠷᠠᠯᠲᠠ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠵᠢᠯ ᠪᠦᠷᠢ ᠶᠢᠨ 11 | ᠰᠠᠷ᠎ᠠ ᠠᠴᠠ ᠳᠠᠷᠠᠭ᠎ᠠ ᠵᠢᠯ ᠤᠨ 5 ᠰᠠᠷ᠎ᠠ ᠬᠦᠷᠲᠡᠯᠡᠬᠢ ᠶᠢ ᠰᠤᠪᠢᠯᠠᠯᠲᠠ ᠠᠮᠠᠷᠠᠯᠲᠠ ᠶᠢᠨ ᠬᠥᠭᠵᠢᠯ ᠦᠭᠡᠢ ᠤᠯᠠᠷᠢᠯ | ᠪᠤᠯᠭᠠᠵᠤ᠂ ᠰᠤᠪᠢᠯᠠᠯᠲᠠ ᠠᠮᠠᠷᠠᠯᠲᠠ ᠶᠢᠨ ᠠᠵᠢᠯᠯᠠᠭ᠎ᠠ ᠶᠢᠨ ᠬᠤᠭᠤᠴᠠᠭ᠎ᠠ ᠨᠢ 2 ᠠᠴᠠ 6 ᠡᠳᠦᠷ ︵ᠬᠤᠨᠣᠵᠤ | ᠰᠠᠭᠤᠬᠤ ᠶᠢ ᠪᠠᠭᠲᠠᠭᠠᠨ᠎ᠠ᠂ ᠣᠴᠢᠵᠤ ᠢᠷᠡᠬᠦ ᠴᠠᠭ ᠢ ᠪᠠᠭᠲᠠᠭᠠᠬᠤ ᠦᠭᠡᠢ︶ ᠪᠣᠯᠣᠨ᠎ᠠ ᠭᠡᠵᠦ ᠲᠣᠳᠣᠷᠬᠠᠶᠢᠯᠠᠪᠠ᠃ | |