ᠡᠮᠨᠡᠯᠭᠡ ᠶᠢᠨ ᠬᠤᠷᠢᠶᠠᠨ ᠤ ᠪᠦᠬᠦᠯᠢ ᠴᠣᠭᠴᠠ ᠶᠢᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ᠠᠯᠤᠰ ᠬᠡᠲᠦ ᠶᠢᠨ ᠬᠥᠭᠵᠢᠯᠲᠡ ᠶᠢ | ᠠᠬᠢᠭᠤᠯᠤᠨ᠂ ᠣᠨᠣᠰᠢᠯᠠᠨ ᠡᠮᠨᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠡᠪᠡᠳᠴᠢᠲᠡᠨ ᠳᠤ ᠨᠠᠩ ᠣᠨᠣᠪᠴᠢᠲᠠᠶ | ᠣᠨᠣᠰᠢᠯᠠᠨ ᠲᠤᠳᠤᠯᠠᠬᠤ ᠠᠷᠭ᠎ᠠ ᠪᠠ ᠨᠠᠩ ᠪᠦᠲᠦᠮᠵᠢᠲᠡᠶ ᠡᠮᠨᠡᠨ ᠵᠠᠰᠠᠬᠤ ᠠᠷᠭ᠎ᠠ ᠪᠠᠷᠢᠯ ᠢ ᠬᠠᠩᠭᠠᠬᠤ ᠶᠢᠨ | ᠲᠤᠰᠠᠳᠠ᠂ ᠴᠢᠩ ᠱᠦᠢ ᠾᠧ ᠰᠢᠶᠠᠨ ᠤ ᠡᠮᠨᠡᠯᠭᠡ ᠶᠢᠨ ᠬᠤᠷᠢᠶ᠎ᠠ ᠳᠤ ᠳᠣᠲᠣᠷ ᠡᠷᠬᠡᠲᠡᠨ ᠤ ᠬᠡᠲᠦ ᠲᠠᠭᠤᠨ | ᠳᠣᠯᠭᠢᠶᠠᠨ ᠤ ᠳᠦᠷᠰᠦ ᠪᠦᠲᠦᠭᠡᠬᠦ ᠪᠠᠶᠢᠴᠠᠭᠠᠯᠲᠠ᠂ ᠪᠠᠷᠠᠭᠤᠨ ᠵᠢᠷᠦᠬᠡᠨ ᠤ ᠬᠡᠲᠦ ᠲᠠᠭᠤᠨ ᠳᠣᠯᠭᠢᠶᠠᠨ ᠤ ᠳᠦᠷᠰᠦ | ᠪᠦᠲᠦᠭᠡᠬᠦ ᠪᠠᠶᠢᠴᠠᠭᠠᠯᠲᠠ᠂ ᠭᠠᠪᠠᠯᠠ ᠶᠢᠨ ᠬᠦᠵᠦᠭᠦᠦ ᠶᠢᠨ ᠯᠤᠭᠰᠢᠭᠤᠨ ᠰᠤᠳᠠᠯ ᠤᠨ CT ᠪᠠᠶᠢᠴᠠᠭᠠᠯᠲᠠ᠂ ᠭᠤᠣᠯ | ᠯᠤᠭᠰᠢᠭᠤᠨ ᠰᠤᠳᠠᠯ ᠤᠨ CT ᠪᠠᠶᠢᠴᠠᠭᠠᠯᠲᠠ᠂ ᠠᠭᠤᠰᠬᠢᠨ ᠯᠤᠭᠰᠢᠭᠤᠨ ᠰᠤᠳᠠᠯ ᠤᠨ CT ᠪᠠᠶᠢᠴᠠᠭᠠᠯᠲᠠ ᠵᠡᠷᠭᠡ | 5 ᠵᠦᠢᠯ ᠤᠨ ᠰᠢᠨ᠎ᠡ ᠮᠡᠷᠭᠡᠵᠢᠯ᠂ ᠰᠢᠨ᠎ᠡ ᠲᠥᠷᠥᠯ ᠵᠦᠢᠯ ᠢ ᠰᠢᠨ᠎ᠡ ᠪᠠᠷ ᠥᠷᠨᠢᠭᠦᠯᠪᠡ᠃ | ᠰᠢᠨ᠎ᠡ ᠮᠡᠷᠭᠡᠵᠢᠯ᠂ ᠰᠢᠨ᠎ᠡ ᠲᠥᠷᠥᠯ ᠵᠦᠢᠯ ᠢ ᠥᠷᠨᠢᠭᠦᠯᠬᠦ ᠨᠢ ᠡᠪᠡᠳᠴᠢᠲᠡᠨ ᠳᠤ ᠳᠥᠭᠦᠮ ᠦᠵᠡᠭᠦᠯᠬᠦ ᠪᠠᠷ | ᠪᠠᠷᠠᠬᠤ ᠦᠭᠡᠢ᠂ ᠪᠠᠰᠠ ᠰᠢᠨᠵᠢᠯᠡᠭᠡᠨ ᠤ ᠰᠠᠯᠠᠭ᠎ᠠ ᠶᠢᠨ ᠬᠥᠭᠵᠢᠯᠲᠡ ᠶᠢ ᠠᠬᠢᠭᠤᠯᠵᠤ᠂ ᠠᠨᠠᠭᠠᠬᠤ ᠤᠬᠠᠭᠠᠨ ᠤ | ᠴᠢᠳᠠᠪᠤᠷᠢᠲᠠᠨ ᠳᠤ ᠦᠢᠯᠡᠳᠦᠯᠭᠡ ᠪᠠ ᠰᠤᠳᠤᠯᠭᠠᠨ ᠤ ᠲᠠᠪᠴᠠᠩ ᠬᠠᠩᠭᠠᠵᠤ᠂ ᠲᠡᠷᠢᠭᠦᠨ ᠤ ᠮᠡᠷᠭᠡᠵᠢᠯ ᠤᠨ ᠲᠤᠰᠬᠠᠢ | ᠮᠡᠷᠭᠡᠵᠢᠯ ᠤᠨ ᠡᠩᠨᠡᠭᠡ ᠶᠢ ᠬᠥᠮᠥᠵᠢᠭᠦᠯᠦᠨ᠂ ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ | ᠡᠪᠡᠳᠴᠢᠲᠡᠨ ᠤ ᠪᠡᠶᠡᠴᠢᠯᠡᠨ ᠣᠶᠢᠯᠠᠭᠠᠯᠲᠠ ᠶᠢ ᠰᠠᠶᠢᠵᠢᠷᠠᠭᠤᠯᠤᠨ᠂ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ | ᠬᠥᠭᠵᠢᠯᠲᠡ ᠶᠢ ᠠᠬᠢᠭᠤᠯᠵᠤ᠂ ᠡᠮᠨᠡᠯᠭᠡ ᠶᠢᠨ ᠬᠤᠷᠢᠶ᠎ᠠ ᠶᠢᠨ ᠬᠠᠮᠢᠶ᠎ᠠ ᠪᠦᠬᠦᠢ ᠰᠢᠨᠵᠢᠯᠡᠭᠡᠨ ᠤ ᠰᠠᠯᠠᠭ᠎ᠠ ᠪᠠ ᠰᠠᠯᠠᠭ᠎ᠠ | ᠲᠠᠰᠤᠭ ᠤᠨ ᠬᠠᠮᠵᠢᠯᠴᠠᠨ ᠬᠥᠭᠵᠢᠬᠦ ᠶᠢ ᠳᠠᠶᠢᠴᠢᠯᠠᠨ᠂ ᠡᠮᠨᠡᠯᠭᠡ ᠶᠢᠨ ᠬᠤᠷᠢᠶ᠎ᠠ ᠶᠢᠨ ᠪᠦᠬᠦᠯᠢ ᠴᠣᠭᠴᠠ ᠶᠢᠨ | ᠡᠮᠴᠢᠯᠡᠭᠡᠨ ᠤ ᠬᠢᠷᠢ ᠲᠦᠪᠰᠢᠨ ᠪᠠ ᠶᠡᠷᠦᠩᠬᠡᠶᠢᠯᠡᠭᠰᠡᠨ ᠪᠣᠳᠠᠲᠤ ᠬᠦᠴᠦᠨ ᠢ ᠳᠡᠭᠡᠭᠰᠢᠯᠡᠭᠦᠯᠵᠦ ᠪᠣᠯᠣᠨ᠎ᠠ᠃ | |