ᠰᠤᠷᠲᠠᠯ ᠴᠢᠬᠡᠴᠢ ᠪᠣᠯ ᠣᠪᠣᠷ ᠲᠥᠪ᠂ ᠣᠪᠣᠷ ᠲᠥᠪ ᠪᠣᠯ ᠰᠡᠳᠬᠢᠯ ᠨᠢᠭᠡᠲᠡᠢ᠂ ᠰᠡᠳᠬᠢᠯ ᠨᠢᠭᠡᠳᠪᠡᠯ ᠠᠵᠢᠯ | ᠶᠠᠪᠤᠳᠠᠯ ᠪᠦᠲᠦᠨ᠎ᠡ᠃ | ᠨᠠᠮ ᠤᠨ ᠲᠥᠪ ᠬᠤᠷᠢᠶ᠎ᠠ ᠠᠴᠠ 2025 ᠣᠨ ᠳᠤ ᠪᠦᠭᠦ ᠤᠯᠤᠰ ᠤᠨ ᠬᠤᠶᠠᠷ ᠬᠤᠷᠠᠯ ᠤᠨ ᠲᠠᠷᠠᠭ᠎ᠠ ᠠᠴᠠ 7 | ᠰᠠᠷ᠎ᠠ ᠪᠤᠯᠲᠠᠯ᠎ᠠ ᠪᠦᠭᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠠᠷ ᠲᠣᠭᠲᠠᠪᠠ᠃ ᠡᠨᠡ ᠪᠣᠯ ᠨᠠᠮ ᠤᠨ ᠭᠡᠰᠢᠭᠦᠨ | ᠺᠠᠳ᠋ᠷᠴᠤᠳ ᠲᠤ ᠪᠠᠰᠠ ᠨᠢᠭᠡ ᠤᠳᠠᠭ᠎ᠠ ᠶᠢᠨ ᠦᠵᠡᠯ ᠰᠠᠨᠠᠭ᠎ᠠ ᠤᠨᠤᠯ ᠤᠨ ᠬᠥᠮᠦᠵᠢᠯ ᠥᠷᠨᠢᠭᠦᠯᠵᠦ᠂ ᠤᠨᠤᠯ ᠢᠶᠠᠷ | ᠲᠠᠭᠢᠨ ᠵᠡᠪᠰᠡᠭᠯᠡᠬᠦ ᠶᠠᠪᠤᠳᠠᠯ ᠮᠥᠨ᠂ ᠰᠠᠬᠢᠯᠭ᠎ᠠ ᠪᠠᠲᠤ ᠣᠪᠣᠷ ᠰᠤᠷᠲᠠᠯ ᠢ ᠪᠠᠰᠠ ᠨᠢᠭᠡ ᠤᠳᠠᠭ᠎ᠠ ᠲᠠᠭᠢᠨ ᠰᠢᠯᠭᠠᠨ | ᠦᠵᠡᠵᠦ᠂ ᠲᠠᠭᠢᠨ ᠳᠡᠭᠡᠭᠰᠢᠯᠡᠭᠦᠯᠭᠦ ᠶᠠᠪᠤᠳᠠᠯ ᠮᠥᠨ᠃ ᠣᠶᠢᠷ᠎ᠠ ᠶᠢᠨ ᠡᠳᠦᠷ ᠤᠳ ᠲᠤ ᠪᠦᠭᠦ ᠣᠷᠣᠨ ᠤ ᠡᠯ᠎ᠡ | ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠪᠣᠯᠣᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠳᠠᠷᠤᠢ ᠲᠦᠷᠭᠡᠨ ᠪᠠᠶᠢᠷᠢᠯᠠᠭᠤᠯᠤᠨ | ᠡᠬᠢᠯᠡᠭᠦᠯᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠤᠷᠤᠯᠴᠠᠯᠭ᠎ᠠ ᠬᠥᠮᠦᠵᠢᠯ ᠤᠨ | ᠬᠠᠷᠢᠭᠤᠴᠠᠯᠭᠠᠲᠤ ᠰᠡᠳᠬᠢᠯᠭᠡ ᠲᠤᠯᠭᠠᠮ ᠪᠤᠳᠤᠯ ᠢᠶᠠᠨ ᠤᠬᠠᠮᠰᠠᠷ ᠠᠴᠠ ᠪᠠᠨ ᠴᠢᠩᠭᠠᠳᠬᠠᠵᠤ᠂ ᠨᠠᠮᠴᠢ ᠴᠢᠨᠠᠷ | ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ᠂ ᠰᠤᠷᠲᠠᠯ ᠢ ᠴᠡᠭᠴᠡᠯᠡᠨ ᠰᠠᠬᠢᠯᠭ᠎ᠠ | ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠬᠠᠷᠢᠯᠴᠠᠨ ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠰᠤᠷᠤᠯᠴᠠᠯᠭ᠎ᠠ | ᠬᠥᠮᠦᠵᠢᠯ ᠢ ᠡᠮᠬᠢ ᠵᠢᠷᠤᠮ ᠲᠠᠢ ᠪᠦᠲᠦᠮᠵᠢᠲᠡᠢ ᠥᠷᠨᠢᠭᠦᠯᠬᠦ ᠶᠢ ᠠᠬᠢᠭᠤᠯᠪᠠ᠃ | ᠨᠠᠢᠮᠠᠨ ᠲᠣᠭᠲᠠᠭᠠᠯ ᠤᠨ ᠡᠨᠡᠬᠦ ᠵᠠᠩᠭᠢᠯᠠᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠰᠤᠷᠲᠠᠯ ᠤᠨ ᠪᠠᠶᠢᠭᠤᠯᠤᠯᠲᠠ | ᠪᠦᠭᠦ ᠲᠠᠯ᠎ᠠ ᠪᠠᠷ ᠠᠮᠢᠳᠤᠯᠢᠭᠵᠢᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠢᠮᠠᠭᠲᠠ ᠴᠢᠩᠭ᠎ᠠ ᠠᠳᠬᠤᠪᠠ᠃ ᠠᠷᠪᠠ ᠭᠠᠷᠤᠢ ᠵᠢᠯ ᠤᠨ ᠲᠤᠷᠰᠢ᠂ ᠥᠪᠥᠷ ᠮᠣᠩᠭᠤᠯ | ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ | ᠴᠥᠬᠦᠷᠡᠰᠢ ᠦᠭᠡᠢ ᠲᠤᠭᠤᠰᠢᠯᠠᠭᠤᠯᠵᠤ᠂ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠰᠤᠷᠲᠠᠯ ᠤᠨ | ᠠᠰᠠᠭᠤᠳᠠᠯ ᠠᠴᠠ ᠡᠬᠢᠯᠡᠨ ᠠᠳᠬᠤᠵᠤ᠂ ᠪᠣᠳᠠᠲᠠᠢ ᠶᠠᠪᠤᠳᠠᠯ ᠠᠴᠠ ᠡᠬᠢᠯᠡᠨ ᠠᠳᠬᠤᠵᠤ᠂ ᠵᠠᠩᠭᠢᠯᠠᠭ᠎ᠠ ᠶᠢᠨ ᠴᠡᠭ | ᠪᠣᠯᠭᠠᠨ ᠢ ᠪᠠᠲᠤ ᠰᠠᠬᠢᠵᠤ᠂ ᠨᠢᠭᠡ ᠨᠢᠭᠡ ᠠᠰᠠᠭᠤᠳᠠᠯ ᠢᠶᠠᠷ ᠰᠢᠢᠳᠪᠦᠷᠢᠯᠡᠵᠦ᠂ ᠨᠢᠭᠡ ᠨᠢᠭᠡ ᠬᠦᠷᠢᠶ᠎ᠡ ᠴᠠᠷᠠᠭ᠎ᠠ ᠪᠠᠷ | ᠠᠬᠢᠭᠤᠯᠵᠤ᠂ ᠤᠷᠳᠤ ᠬᠤᠭᠤᠴᠠᠭ᠎ᠠ ᠪᠠᠷ ᠬᠤᠷᠢᠭᠯᠠᠵᠤ ᠳᠡᠶᠢᠯᠦᠭᠡᠳᠦᠢ ᠪᠠᠶᠢᠭᠰᠠᠨ ᠵᠠᠷᠢᠮ ᠭᠠᠵᠢᠭᠤ ᠰᠤᠷᠲᠠᠯ ᠢ | ᠬᠤᠷᠢᠭᠯᠠᠵᠤ᠂ ᠤᠯᠠᠨ ᠵᠢᠯ ᠤᠨ ᠲᠤᠷᠰᠢ ᠠᠷᠢᠯᠤᠭᠠᠳᠤᠢ ᠪᠠᠶᠢᠭᠰᠠᠨ ᠵᠠᠷᠢᠮ ᠠᠷᠬᠠᠭ ᠭᠡᠮ ᠢ ᠵᠠᠯᠠᠷᠠᠭᠤᠯᠤᠨ ᠵᠠᠰᠠᠵᠤ᠂ | ᠨᠠᠮ ᠤᠨ ᠰᠤᠷᠲᠠᠯ ᠵᠠᠰᠠᠭ ᠤᠨ ᠰᠤᠷᠲᠠᠯ ᠳᠤ ᠴᠣ ᠰᠢᠨ᠎ᠡ ᠳᠦᠷᠰᠦ ᠪᠠᠶᠢᠳᠠᠯ ᠢᠯᠡᠷᠡᠵᠦ᠂ ᠨᠡᠶᠢᠭᠡᠮ ᠤᠨ ᠰᠤᠷᠲᠠᠯ | ᠠᠷᠠᠳ ᠤᠨ ᠰᠤᠷᠲᠠᠯ ᠦᠷᠭᠦᠯᠵᠢᠯᠡᠨ ᠰᠠᠶᠢᠵᠢᠷᠠᠪᠠ᠃ | ᠰᠤᠷᠲᠠᠯ ᠪᠣᠯ ᠳᠠᠷᠤᠢ ᠳᠦᠷᠢ ᠲᠥᠷᠬᠦ ᠮᠥᠨ᠂ ᠰᠤᠷᠲᠠᠯ ᠪᠣᠯ ᠳᠠᠷᠤᠢ ᠬᠦᠴᠦᠨ ᠴᠢᠳᠠᠯ ᠮᠥᠨ᠃ ᠡᠨᠡ ᠵᠢᠯ ᠪᠣᠯ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠪᠠᠶᠢᠵᠤ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠥᠯᠥᠪᠵᠢᠭᠦᠯᠦᠨ ᠪᠠᠶᠢᠷᠢᠰᠢᠭᠤᠯᠬᠤ ᠪᠣᠯᠣᠨ᠎ᠠ᠃ ᠥᠪᠥᠷ | ᠮᠣᠩᠭᠤᠯ ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ | ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠴᠥᠮ ᠰᠠᠶᠢᠨ ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ | ᠥᠷᠨᠢᠭᠦᠯᠬᠦ ᠶᠢ ᠪᠠᠲᠤᠯᠠᠬᠤ ᠴᠢᠬᠤᠯᠠᠲᠠᠢ᠃ ᠪᠢᠳᠡ ᠡᠨᠡ ᠤᠳᠠᠭ᠎ᠠ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ | ᠲᠣᠭᠢᠶᠠᠯ ᠪᠤᠯᠭᠠᠵᠤ᠂ ᠴᠢᠩᠭ᠎ᠠ ᠠᠷᠭ᠎ᠠ ᠬᠡᠮᠵᠢᠶ᠎ᠡ ᠠᠪᠴᠤ᠂ ︽ᠰᠤᠷᠤᠯᠴᠠᠪᠠᠯ︾ ᠳᠠᠷᠤᠢ ᠰᠡᠳᠬᠢᠯ ᠵᠢᠷᠦᠬᠡᠨ ᠳᠡᠭᠡᠨ | ᠬᠠᠳᠠᠩᠰᠢᠲᠠᠯ᠎ᠠ ᠰᠤᠷᠤᠯᠴᠠᠵᠤ᠂ ᠣᠶᠢᠯᠠᠭᠠᠯᠲᠠ ᠲᠠᠢ᠂ ᠣᠯᠣᠯᠲᠠ ᠲᠠᠢ ᠪᠠᠶᠢᠬᠤ ᠬᠡᠷᠡᠭᠲᠡᠢ︔ ︽ᠪᠠᠶᠢᠴᠠᠭᠠᠪᠠᠯ︾ | ᠳᠠᠷᠤᠢ ᠦᠨᠡᠨ ᠬᠦ ᠬᠠᠲᠠᠭᠤ ᠲᠠᠢ ᠨᠢ ᠬᠠᠯᠳᠠᠵᠤ᠂ ᠠᠩᠬᠠᠷᠤᠯ ᠢᠶᠠᠨ ᠣᠨᠣᠪᠴᠢᠲᠠᠢ ᠲᠥᠪᠯᠡᠷᠡᠭᠦᠯᠵᠦ᠂ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ︽ᠴᠡᠭᠴᠡᠯᠡᠨ ᠰᠠᠶᠢᠵᠢᠷᠠᠭᠤᠯᠪᠠᠯ︾ ᠳᠠᠷᠤᠢ ᠦᠨᠡᠨ ᠪᠣᠳᠠᠲᠠᠢ | ᠬᠢᠵᠦ᠂ ᠬᠤᠪᠢᠷᠠᠯᠲᠠ ᠲᠠᠢ᠂ ᠦᠷ᠎ᠡ ᠪᠦᠲᠦᠮᠵᠢ ᠲᠠᠢ ᠪᠠᠶᠢᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ | ︽ᠳᠠᠷᠤᠭᠠᠰᠤ ᠶᠢ ᠬᠥᠩᠭᠡᠷᠡᠭᠦᠯᠬᠦ᠂ ᠡᠨᠧᠷᠭᠢ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ | ᠰᠠᠶᠢᠵᠢᠷᠠᠭᠤᠯᠬᠤ᠂ ᠱᠠᠯᠠᠪᠳᠠᠭᠤᠯᠬᠤ︾ ᠵᠡᠷᠭᠡ ᠠᠵᠢᠯ ᠢ ᠰᠠᠶᠢᠲᠤᠷ ᠬᠢᠬᠦ ᠲᠠᠢ ᠨᠢᠭᠡᠳᠦᠯᠲᠡᠢ ᠲᠥᠯᠥᠪᠵᠢᠭᠦᠯᠵᠦ᠂ | ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ | ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ | ᠥᠷᠨᠢᠭᠦᠯᠬᠦ ᠲᠠᠢ ᠤᠶᠠᠯᠳᠤᠭᠤᠯᠵᠤ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠠᠵᠢᠯ ᠬᠢᠵᠦ ᠦᠢᠯᠡᠰ ᠪᠣᠰᠬᠠᠬᠤ ᠬᠡᠷᠡᠭᠲᠡᠢ᠃ | ᠳᠡᠭᠡᠷ᠎ᠡ ᠠᠴᠠ ᠨᠢ ᠬᠥᠮᠥᠨ ᠢ ᠱᠠᠭᠠᠷᠳᠠᠵᠤ᠂ ᠬᠤᠶᠢᠨ᠎ᠠ ᠠᠴᠠ ᠨᠢ ᠬᠥᠮᠥᠨ ᠢ ᠱᠠᠯᠠᠪᠳᠠᠭᠤᠯᠬᠤ ᠨᠢ ᠡᠮᠦᠨ᠎ᠡ ᠨᠢ | ᠣᠷᠣᠵᠤ ᠬᠥᠮᠥᠨ ᠢ ᠳᠠᠶᠢᠴᠢᠯᠠᠬᠤ ᠶᠢ ᠬᠦᠷᠬᠦ ᠦᠭᠡᠢ᠃ ᠤᠳᠤᠷᠢᠳᠬᠤ ᠺᠠᠳ᠋ᠷᠴᠤᠳ ᠰᠠᠶᠢᠨ ᠳᠠᠭᠠᠭᠤᠯᠤᠭᠴᠢ ᠪᠤᠯᠬᠤ | ᠪᠣᠯ ᠳᠠᠭᠤᠨ ᠦᠭᠡᠢ ᠦᠯᠢᠭᠡᠷ ᠳᠠᠭᠤᠷᠢᠶᠠᠯ ᠮᠥᠨ᠂ ︽ᠬᠢᠵᠦ ᠪᠡᠶᠡᠯᠡᠭᠦᠯ︾ ᠭᠡᠵᠦ ᠮᠢᠩᠭᠠᠨᠲᠠ ᠬᠠᠰᠬᠢᠷᠬᠤ ᠨᠢ ︽ | ᠨᠠᠳᠠ ᠶᠢ ᠲᠠᠭᠠᠭᠠᠳ ᠬᠢᠵᠦ ᠪᠠᠢ︾ ᠭᠡᠬᠦ ᠨᠢᠭᠡ ᠦᠭᠡ ᠶᠢ ᠬᠦᠷᠬᠦ ᠦᠭᠡᠢ᠃ ᠤᠳᠤᠷᠢᠳᠬᠤ ᠪᠠᠶᠢᠭᠤᠯᠭ᠎ᠠ ᠪᠠ | ᠤᠳᠤᠷᠢᠳᠬᠤ ᠺᠠᠳ᠋ᠷᠴᠤᠳ ᠪᠣᠯ ᠨᠠᠮ ᠤᠨ ᠰᠤᠷᠲᠠᠯ ᠨᠡᠶᠢᠭᠡᠮ ᠤᠨ ᠰᠤᠷᠲᠠᠯ ᠤᠨ ᠵᠦᠭᠯᠡᠭᠦᠷ ᠮᠥᠨ᠂ ᠢᠯᠠᠩᠭᠤᠶ᠎ᠠ ︽ | ᠲᠦᠷᠦᠭᠦᠴᠢ ᠭᠠᠯᠠᠭᠤ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠦᠯᠢᠭᠡᠷ ᠳᠠᠭᠤᠷᠢᠶᠠᠯ ᠪᠣᠯᠵᠤ᠂ ᠲᠦᠷᠦᠭᠦᠯᠡᠨ ᠬᠢᠵᠦ᠂ ᠲᠦᠷᠦᠭᠦᠯᠡᠨ ᠰᠤᠷᠤᠯᠴᠠᠵᠤ᠂ ᠲᠦᠷᠦᠭᠦᠯᠡᠨ | ᠪᠠᠶᠢᠴᠠᠭᠠᠵᠤ᠂ ᠲᠦᠷᠦᠭᠦᠯᠡᠨ ᠴᠡᠭᠴᠡᠯᠡᠨ ᠰᠠᠶᠢᠵᠢᠷᠠᠭᠤᠯᠵᠤ᠂ ︽ᠬᠡᠯᠡᠬᠦ ᠳᠡᠭᠡᠨ ᠴᠢᠬᠤᠯᠠ ᠭᠡᠵᠦ᠂ ᠬᠠᠰᠬᠢᠷᠬᠤ ᠨᠢ | ᠬᠠᠩᠭᠢᠨᠠᠮ᠎ᠠ᠂ ᠬᠢᠬᠦ ᠨᠢ ᠬᠠᠷᠢᠨ ᠬᠡᠢ ᠬᠤᠭᠤᠰᠤᠨ︾ ᠪᠠᠶᠢᠬᠤ ᠶᠢ ᠡᠷᠡᠰ ᠲᠡᠪᠴᠢᠵᠦ᠂ ︽ᠠᠰᠠᠷ ᠤᠨ ᠱᠠᠲᠤᠨ ᠳᠤ | ᠬᠥᠯ ᠤᠨ ᠴᠢᠮᠡᠭᠡ ᠰᠣᠨᠣᠰᠳᠠᠬᠤ ᠠᠴᠠ ᠪᠢᠰᠢ ᠬᠥᠮᠥᠨ ᠨᠢ ᠪᠠᠭᠤᠵᠤ ᠢᠷᠡᠬᠦ ᠦᠭᠡᠢ︾ ᠪᠠᠶᠢᠬᠤ ᠶᠢ ᠡᠷᠡᠰ | ᠬᠤᠷᠢᠭᠯᠠᠬᠤ ᠬᠡᠷᠡᠭᠲᠡᠢ᠃ ᠪᠡᠶ᠎ᠡ ᠪᠠᠷ ᠢᠶᠠᠨ ᠲᠦᠷᠦᠭᠦᠯᠡᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠴᠢᠩᠭ᠎ᠠ ᠵᠢᠷᠤᠮᠯᠠᠵᠤ᠂ ᠭᠠᠭᠴᠠᠭᠠᠷ ᠪᠠᠶᠢᠬᠤ ᠳᠠᠭᠠᠨ ᠪᠡᠶ᠎ᠡ ᠪᠠᠨ ᠪᠠᠷᠢᠬᠤ ᠶᠢ ᠬᠢᠴᠢᠶᠡᠵᠦ᠂ ᠠᠩᠬ᠎ᠠ ᠡᠬᠢᠯᠡᠬᠦ ᠦᠶ᠎ᠡ ᠳᠤ | ᠬᠢᠴᠢᠶᠡᠵᠦ᠂ ᠪᠠᠭ᠎ᠠ ᠶᠠᠪᠤᠳᠠᠯ ᠳᠤ ᠬᠠᠨᠳᠤᠬᠤ ᠳᠠᠭᠠᠨ ᠴᠤ ᠬᠢᠴᠢᠶᠡᠵᠦ᠂ ᠬᠦᠰᠡᠯ ᠳᠤᠷᠠᠰᠢᠯ ᠢ ᠲᠡᠪᠴᠢᠵᠦ᠂ ᠢᠮᠠᠭᠲᠠ | ᠲᠥᠪ ᠭᠤᠣᠯᠴᠢ ᠠᠷᠢᠭᠤᠨ ᠴᠢᠬᠡᠴᠢ ᠰᠠᠶᠢᠨ ᠰᠠᠶᠢᠬᠠᠨ ᠳᠦᠷᠢ ᠲᠥᠷᠬᠦ ᠪᠠᠨ ᠪᠠᠲᠤᠯᠠᠬᠤ ᠬᠡᠷᠡᠭᠲᠡᠢ᠃ | ᠪᠡᠶ᠎ᠡ ᠪᠠᠷ ᠢᠶᠠᠨ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠵᠦ ᠪᠣᠳᠠᠲᠠᠢ ᠠᠵᠢᠯᠯᠠᠨ᠂ ᠪᠠᠶᠢᠴᠠᠭᠠᠨ ᠰᠤᠳᠤᠯᠤᠯᠲᠠ ᠶᠢ | ᠭᠦᠨᠵᠡᠭᠡᠢ ᠥᠷᠨᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ | ᠠᠳᠬᠤᠨ ᠪᠣᠳᠠᠲᠠᠢ ᠠᠳᠬᠤᠵᠤ᠂ ᠪᠦᠭᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ᠃ | ᠰᠤᠷᠲᠠᠯ ᠤᠨ ᠪᠠᠶᠢᠭᠤᠯᠤᠯᠲᠠ ᠡᠭᠦᠷᠢᠳᠡ ᠵᠣᠭᠰᠣᠰᠢ ᠦᠭᠡᠢ᠃ ︽ᠲᠥᠪ ᠤᠨ ᠨᠠᠢᠮᠠᠨ ᠲᠣᠭᠲᠠᠭᠠᠯ ᠤᠨ | ᠬᠠᠰᠢᠯᠭ᠎ᠠ ᠶᠢ ᠭᠢᠯᠪᠡᠷ ᠪᠤᠰᠤ ᠪᠠᠷ ᠪᠣᠰᠬᠠᠭᠰᠠᠨ ᠶᠤᠮ᠂ ᠵᠠᠪᠠᠯ ᠬᠤᠪᠢ ᠳᠠᠭᠢᠨ ᠨᠠᠨᠳᠢᠩᠨᠠᠵᠤ᠂ ᠲᠠᠰᠤᠷᠠᠯᠲᠠ ᠦᠭᠡᠢ | ᠬᠠᠰᠢᠯᠭ᠎ᠠ ᠶᠢ ᠪᠠᠶᠢᠴᠠᠭᠠᠨ ᠵᠠᠰᠠᠵᠤ᠂ ᠰᠢᠷᠣᠢ ᠨᠡᠮᠡᠵᠦ ᠪᠠᠬᠢᠵᠢᠭᠦᠯᠬᠦ ᠬᠡᠷᠡᠭᠲᠡᠢ︾᠃ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠲᠤᠭᠤᠰᠢᠯᠠᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ︽ᠬᠤᠶᠠᠷ ᠰᠤᠷᠤᠯᠴᠠᠯᠭ᠎ᠠ︾ ᠶᠢ ᠰᠠᠶᠢᠲᠤᠷ ᠠᠳᠬᠤᠵᠤ᠂ ︽ | ᠬᠤᠶᠠᠷ ᠲᠠᠨᠢᠯᠲᠠ︾ ᠶᠢ ᠳᠡᠭᠡᠭᠰᠢᠯᠡᠭᠦᠯᠵᠦ᠂ ︽ᠬᠤᠶᠠᠷ ᠬᠠᠷᠢᠯᠴᠠᠬᠤ︾ ᠶᠢ ᠴᠢᠬᠤᠯᠠᠴᠢᠯᠠᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ | ᠪᠠᠲᠤᠲᠠᠢ ᠥᠷᠨᠢᠭᠦᠯᠵᠦ᠂ ᠰᠠᠶᠢᠨ ᠰᠤᠷᠲᠠᠯ ᠰᠠᠶᠢᠨ ᠳᠦᠷᠢ ᠲᠥᠷᠬᠦ ᠪᠠᠷ ᠰᠢᠨ᠎ᠡ ᠠᠶᠠᠨ ᠳᠠᠭᠠᠨ ᠰᠢᠨ᠎ᠡ ᠡᠭᠦᠷᠭᠡᠯᠡᠯ | ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡᠯ᠂ ᠪᠢᠳᠡ ᠯᠠᠪᠲᠠᠢ ᠬᠥᠭᠵᠢᠯᠲᠡ ᠶᠢᠨ ᠰᠠᠶᠢᠨ ᠠᠵᠠ ᠲᠣᠭᠢᠶᠠᠯ ᠢ | ᠬᠥᠰᠡᠷᠳᠡᠭᠦᠯᠬᠦ ᠦᠭᠡᠢ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠶᠤᠮ᠃ | |