ᠣᠶᠢᠷ᠎ᠠ ᠶᠢᠨ ᠵᠢᠯ ᠤᠨ ᠲᠤᠷᠰᠢ᠂ ᠭᠦᠭᠡᠬᠤᠲᠠ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠨ ᠵᠠᠰᠠᠬᠤ | ᠲᠥᠪ ᠢ ᠬᠦᠴᠦᠯᠡᠨ ᠪᠠᠶᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠬᠢ ᠪᠠᠶᠠᠯᠢᠭ ᠤᠨ ᠲᠥᠪᠯᠡᠷᠡᠯ ᠢ | ᠠᠬᠢᠭᠤᠯᠵᠤ᠂ ᠠᠰᠠᠭᠤᠳᠠᠯ ᠢ ᠰᠢᠢᠳᠪᠦᠷᠢᠯᠡᠬᠦ ᠬᠠᠮᠲᠤᠷᠠᠯ ᠬᠦᠴᠦᠨ ᠢ ᠪᠦᠷᠢᠯᠳᠦᠭᠦᠯᠪᠡ᠃ ᠣᠳᠣᠬᠠᠨ ᠳᠤ᠂ ᠪᠦᠭᠦ | ᠬᠤᠲᠠ ᠶᠢᠨ 9 ᠬᠤᠰᠢᠭᠤ ᠰᠢᠶᠠᠨ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ ᠨᠢ ᠴᠥᠮ ᠫᠠᠶᠢᠰᠠ ᠡᠯᠭᠦᠭᠰᠡᠨ | ᠪᠥᠭᠡᠳ ᠠᠰᠢᠭᠯᠠᠯᠲᠠ ᠳᠤ ᠣᠷᠣᠵᠤ᠂ 84 ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠶᠡᠷᠦᠩᠬᠡᠶᠢᠯᠡᠨ ᠵᠠᠰᠠᠬᠤ | ᠲᠥᠪ ᠤᠨ ᠵᠢᠷᠤᠮᠵᠢᠬᠰᠠᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ ᠪᠠᠶᠢᠨ᠎ᠠ᠃ | ᠶᠡᠷᠦᠩᠬᠡᠶᠢᠯᠡᠨ ᠵᠠᠰᠠᠬᠤ ᠲᠥᠪ ᠨᠢ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡ ᠪᠠᠷ ᠭᠠᠷᠳᠠᠴᠠ | ᠪᠤᠯᠭᠠᠵᠤ᠂ ︽ᠲᠥᠪᠯᠡᠷᠡᠭᠦᠯᠦᠨ ᠭᠦᠢᠴᠡᠳᠬᠡᠬᠦ︾ ᠭᠡᠯᠪᠡᠷᠢ ᠪᠠᠷ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠨ | ᠵᠠᠰᠠᠬᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ᠂ ᠬᠠᠤᠯᠢ | ᠴᠠᠭᠠᠵᠠ᠂ ᠵᠠᠬᠢᠳᠠᠯ ᠰᠤᠷᠪᠤᠯᠵᠢᠯᠠᠯ ᠵᠡᠷᠭᠡ ᠬᠤᠯᠪᠣᠭᠳᠠᠯ ᠪᠦᠬᠦᠢ ᠴᠢᠳᠠᠮᠵᠢ ᠶᠢ ᠨᠢᠭᠡᠳᠦᠯᠲᠡᠢ ᠲᠥᠯᠥᠪᠯᠡᠨ᠂ | ᠵᠥᠷᠢᠴᠡᠯ ᠵᠠᠭᠤᠷᠠᠯᠳᠤᠭᠠᠨ ᠢ ᠨᠠᠮᠳᠠᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠪᠣᠯᠣᠨ᠎ᠠ᠃ | ᠣᠯᠠᠨ ᠲᠦᠮᠡᠨ ᠤ ᠲᠤᠰᠬᠠᠭᠰᠠᠨ ᠵᠥᠷᠢᠴᠡᠯ ᠵᠠᠭᠤᠷᠠᠯᠳᠤᠭᠠᠨ ᠢ ᠶᠡᠷᠦᠩᠬᠡᠶᠢᠯᠡᠨ ᠵᠠᠰᠠᠬᠤ ᠲᠥᠪ ᠠᠴᠠ ᠤᠴᠢᠷ | ᠶᠠᠪᠤᠳᠠᠯ ᠤᠨ ᠰᠢᠨᠵᠢ ᠴᠢᠨᠠᠷ ᠢ ᠦᠨᠳᠦᠰᠦᠯᠡᠨ᠂ ᠠᠩᠬ᠎ᠠ ᠠᠯᠬᠤᠮ ᠰᠤᠳᠤᠯᠤᠨ ᠮᠠᠭᠠᠳᠯᠠᠭᠰᠠᠨ ᠤ ᠳᠠᠷᠠᠭ᠎ᠠ᠂ ᠬᠠᠮᠢᠶ᠎ᠠ | ᠪᠦᠬᠦᠢ ᠣᠷᠣᠵᠤ ᠰᠠᠭᠤᠭᠰᠠᠨ ᠰᠠᠯᠠᠭ᠎ᠠ ᠮᠥᠴᠢᠷ ᠵᠢᠴᠢ ᠠᠵᠢᠯ ᠤᠨ ᠬᠦᠴᠦᠨ ᠳᠤ ᠰᠠᠯᠭᠠᠨ ᠬᠤᠪᠢᠶᠠᠷᠢᠯᠠᠵᠤ | ᠤᠷᠢᠳᠠᠪᠠᠷ ᠡᠶᠡᠳᠡᠭᠦᠯᠦᠨ᠎ᠡ᠃ ᠲᠠᠭᠢᠭᠠᠳ ᠤᠴᠢᠷ ᠶᠠᠪᠤᠳᠠᠯ ᠤᠨ ᠲᠥᠷᠥᠯ ᠭᠡᠯᠪᠡᠷᠢ ᠶᠢ ᠦᠨᠳᠦᠰᠦᠯᠡᠨ᠂ | ᠭᠦᠢᠴᠡᠳᠬᠡᠬᠦ ᠴᠤᠪᠤᠷᠠᠯ ᠢ ᠪᠦᠷᠢᠯᠳᠦᠭᠦᠯᠵᠦ᠂ ᠡᠯ᠎ᠡ ᠤᠴᠢᠷ ᠶᠠᠪᠤᠳᠠᠯ ᠢ ᠲᠦᠷᠦᠭᠦᠯᠡᠨ ᠭᠦᠢᠴᠡᠳᠬᠡᠬᠦ ᠰᠠᠯᠠᠭ᠎ᠠ | ᠮᠥᠴᠢᠷ᠂ ᠬᠠᠮᠵᠢᠯᠴᠠᠨ ᠭᠦᠢᠴᠡᠳᠬᠡᠬᠦ ᠰᠠᠯᠠᠭ᠎ᠠ ᠮᠥᠴᠢᠷ ᠪᠠ ᠡᠯ᠎ᠡ ᠭᠤᠭᠴᠤᠭ᠎ᠠ ᠶᠢᠨ ᠭᠦᠢᠴᠡᠳᠬᠡᠬᠦ ᠴᠠᠭ | ᠬᠤᠭᠤᠴᠠᠭ᠎ᠠ ᠶᠢ ᠲᠣᠭᠲᠠᠭᠠᠨ᠂ ᠨᠠᠮᠳᠠᠭᠤᠯᠬᠤ ᠪᠣᠳᠠᠲᠤ ᠦᠷ᠎ᠡ ᠪᠦᠲᠦᠮᠵᠢ ᠶᠢ ᠪᠠᠲᠤᠯᠠᠨ᠎ᠠ᠃ ᠡᠭᠦᠨ ᠤ ᠬᠠᠮᠲᠤ᠂ | ᠠᠷᠠᠳ ᠤᠨ ᠡᠶᠡᠳᠡᠭᠦᠯᠬᠦ ᠵᠥᠪᠯᠡᠯ᠂ ᠨᠠᠷᠠᠲᠤ ᠲᠥᠷᠥᠯ ᠲᠡᠮᠳᠡᠭᠲᠦ ᠡᠶᠡᠳᠡᠭᠦᠯᠬᠦ ᠲᠠᠰᠤᠭ᠂ ᠠᠵᠢᠯ ᠲᠥᠷᠥᠯ ᠤᠨ | ᠴᠢᠨᠠᠷᠲᠠᠢ ᠲᠤᠰᠬᠠᠢ ᠮᠡᠷᠭᠡᠵᠢᠯ ᠤᠨ ᠴᠢᠨᠠᠷᠲᠠᠢ ᠡᠶᠡᠳᠡᠭᠦᠯᠬᠦ ᠵᠣᠬᠢᠶᠠᠨ ᠪᠠᠶᠢᠭᠤᠯᠤᠯᠲᠠ᠂ ᠰᠡᠳᠬᠢᠴᠡ ᠶᠢᠨ | ᠦᠢᠯᠡᠴᠢᠯᠡᠭᠡ᠂ ᠬᠠᠤᠯᠢᠴᠢ ᠵᠡᠷᠭᠡ ᠰᠢᠯᠢᠳᠡᠭ ᠡᠬᠢ ᠪᠠᠶᠠᠯᠢᠭ ᠤᠨ ᠣᠷᠣᠵᠤ ᠰᠠᠭᠤᠬᠤ ᠶᠢ ᠠᠬᠢᠭᠤᠯᠵᠤ᠂ ᠲᠤᠰᠬᠠᠢ | ᠵᠦᠢᠯ ᠤᠨ ᠡᠶᠡᠳᠡᠭᠦᠯᠬᠦ ᠦᠢᠯᠡᠴᠢᠯᠡᠭᠡ ᠬᠠᠩᠭᠠᠵᠤ᠂ ᠤᠯᠠᠨ ᠲᠦᠮᠡᠨ ᠤ ᠬᠦᠴᠢᠷ ᠲᠦᠪᠡᠭᠲᠡᠢ ᠠᠰᠠᠭᠤᠳᠠᠯ ᠢ | ᠬᠠᠪᠰᠤᠷᠤᠨ ᠰᠢᠢᠳᠪᠦᠷᠢᠯᠡᠨ᠎ᠡ᠃ | ᠣᠳᠣᠬᠠᠨ ᠳᠤ᠂ ᠶᠡᠷᠦᠩᠬᠡᠶᠢᠯᠡᠨ ᠵᠠᠰᠠᠬᠤ ᠲᠥᠪ ᠲᠤ ᠡᠯ᠎ᠡ ᠲᠥᠷᠥᠯ ᠤᠨ ᠵᠥᠷᠢᠴᠡᠯ ᠵᠠᠭᠤᠷᠠᠯᠳᠤᠭᠠᠨ ᠢ | ᠨᠠᠮᠳᠠᠭᠤᠯᠬᠤ᠂ ᠬᠠᠤᠯᠢ ᠴᠠᠭᠠᠵᠠ ᠶᠢᠨ ᠵᠥᠪᠯᠡᠯᠭᠡ ᠪᠠ ᠦᠢᠯᠡᠴᠢᠯᠡᠭᠡ᠂ ᠡᠶᠡᠳᠡᠭᠦᠯᠬᠦ ᠭᠤᠶᠤᠴᠢᠯᠠᠯ᠂ ᠰᠡᠳᠬᠢᠴᠡ ᠶᠢᠨ | ᠯᠠᠪᠯᠠᠭ᠎ᠠ ᠵᠡᠷᠭᠡ ᠦᠢᠯᠡᠴᠢᠯᠡᠭᠡ ᠬᠠᠩᠭᠠᠵᠤ᠂ ᠶᠡᠷᠦᠩᠬᠡᠶᠢᠯᠡᠨ ᠵᠠᠰᠠᠬᠤ ᠲᠥᠪ ᠲᠤ ᠣᠷᠣᠵᠤ ᠰᠠᠭᠤᠭᠰᠠᠨ ᠰᠠᠯᠠᠭ᠎ᠠ | ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠡᠯ᠎ᠡ ᠲᠥᠷᠥᠯ ᠤᠨ ᠤᠴᠢᠷ ᠶᠠᠪᠤᠳᠠᠯ ᠢ | ᠭᠦᠢᠴᠡᠳᠬᠡᠵᠦ ᠪᠣᠯᠣᠨ᠎ᠠ᠃ | |