ᠣᠶᠢᠷ᠎ᠠ ᠳᠤ᠂ ᠮᠠᠨ ᠤ ᠰᠢᠶᠠᠨ ᠤ ᠬᠤᠲᠠ ᠶᠢᠨ ᠠᠵᠢᠯᠯᠠᠭᠠᠨ ᠤ ᠵᠢᠯᠤᠭᠤᠳᠬᠤ ᠲᠥᠪ ᠤᠨ ᠬᠢᠨ ᠶᠡᠬᠡᠪᠡᠷ ᠲᠠᠰ | ᠳᠡᠪᠰᠢᠬᠦ ᠶᠢ ᠪᠡᠶᠡᠯᠡᠭᠦᠯᠵᠦ᠂ ᠬᠥᠬᠡᠬᠤᠲᠠ ᠶᠢᠨ ᠬᠤᠰᠢᠭᠤ ᠰᠢᠶᠠᠨ ᠤ ᠳᠣᠲᠣᠷᠠᠬᠢ ᠤᠯᠤᠰ ᠤᠨ ᠦᠮᠴᠢᠯᠡᠯᠲᠦ ᠲᠣᠮᠣ | ᠵᠠᠭᠪᠤᠷ DeepSeek ᠢ ᠪᠥᠬᠦ ᠲᠠᠯ᠎ᠠ ᠪᠠᠷ ᠵᠠᠯᠭᠠᠨ ᠣᠷᠣᠭᠤᠯᠤᠭᠰᠠᠨ ᠠᠩᠬᠠᠳᠠᠭᠴᠢ ᠣᠶᠤᠨᠲᠤ ᠬᠤᠲᠠ ᠶᠢᠨ | ᠬᠠᠮᠢᠶᠠᠷᠤᠯᠲᠠ ᠶᠢᠨ ᠲᠠᠪᠴᠠᠩ ᠪᠣᠯᠤᠭᠰᠠᠨ ᠪᠠᠶᠢᠨ᠎ᠠ᠃ ᠡᠨᠡ ᠨᠢ ᠮᠠᠨ ᠤ ᠰᠢᠶᠠᠨ ᠤ ᠣᠶᠤᠨᠲᠤ ᠬᠤᠳᠠ ᠶᠢᠨ | ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢᠨ ᠬᠦᠷᠢᠶᠡᠨ ᠳᠤ ᠴᠢᠬᠤᠯᠠ ᠨᠢᠭᠡ ᠠᠯᠬᠤᠮ ᠠᠯᠬᠤᠭᠰᠠᠨ ᠢ | ᠬᠠᠷᠠᠭᠤᠯᠵᠤ᠂ ᠬᠤᠳᠠ ᠶᠢᠨ ᠠᠵᠢᠯᠯᠠᠭᠠᠨ ᠤ ᠵᠢᠯᠣᠭᠤᠳᠤᠯᠭ᠎ᠠ ᠨᠢ ︽ᠮᠡᠳᠡᠷᠡᠬᠦᠢ︾ ᠶᠢᠨ ᠱᠠᠲᠤᠨ ᠠᠴᠠ ︽ᠲᠠᠨᠢᠬᠤᠢ | ︾ ᠶᠢᠨ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ | 2025 ᠣᠨ ᠠᠴᠠ ᠨᠠᠰᠢ᠂ ᠮᠠᠨ ᠤ ᠰᠢᠶᠠᠨ ︽ᠲᠤᠭ᠎ᠠ ᠪᠠᠷᠢᠮᠲᠠ ᠪᠠᠷ ᠡᠨᠧᠷᠭᠢ ᠣᠯᠭᠤᠬᠤ᠂ ᠠᠬᠤᠢ | ᠦᠵᠡᠭᠳᠡᠯ ᠢᠶᠠᠷ ᠬᠥᠳᠡᠯᠭᠡᠭᠦᠷ ᠪᠣᠯᠭᠠᠬᠤ᠂ ᠣᠶᠤᠨᠴᠢ ᠬᠠᠮᠵᠢᠯᠴᠠᠭ᠎ᠠ︾ ᠪᠠᠷ ᠭᠤᠣᠯ ᠪᠣᠯᠭᠠᠵᠤ᠂ ᠭᠠᠵᠠᠷ ᠵᠦᠢ ᠶᠢᠨ | ᠮᠡᠳᠡᠭᠡ ᠵᠠᠩᠭᠢ᠂ ᠲᠣᠮᠣ ᠳ᠋ᠠᠶᠢᠲ᠋ᠠ᠂ AI ᠵᠡᠷᠭᠡ ᠮᠡᠷᠭᠡᠵᠢᠯ ᠳᠤ ᠲᠦᠰᠢᠭᠯᠡᠨ᠂ ᠴᠢᠩ ᠱᠦᠢ ᠡᡁᠸ ᠭᠤᠣᠯ ᠤᠨ ︽ | ᠨᠢᠭᠡ ᠵᠢᠷᠤᠭ ᠢ ᠨᠢᠭᠡᠳᠦᠯᠲᠡᠢ ᠦᠵᠡᠬᠦ᠂ ᠨᠢᠭᠡ ᠲᠣᠣᠷ ᠢᠶᠠᠷ ᠠᠵᠢᠯᠯᠠᠭᠤᠯᠬᠤ᠂ ᠨᠢᠭᠡ ᠴᠣᠭᠴᠠᠵᠢᠭᠤᠯᠤᠨ | ᠬᠠᠮᠲᠤᠷᠠᠯᠴᠠᠬᠤ︾ ᠬᠤᠳᠠ ᠶᠢᠨ ᠠᠵᠢᠯᠯᠠᠭᠠᠨ ᠤ ᠵᠢᠯᠤᠭᠤᠳᠬᠤ ᠲᠥᠪ ᠢ ᠪᠠᠶᠢᠭᠤᠯᠬᠤ ᠪᠠᠷ ᠪᠣᠯᠪᠠ᠃ ᠭᠠᠵᠠᠷ | ᠵᠦᠢ ᠶᠢᠨ ᠮᠡᠳᠡᠭᠡ ᠵᠠᠩᠭᠢ᠂ ᠲᠣᠮᠣ ᠳ᠋ᠠᠶᠢᠲ᠋ᠠ᠂ AI ᠵᠡᠷᠭᠡ ᠮᠡᠷᠭᠡᠵᠢᠯ ᠳᠤ ᠲᠦᠰᠢᠭᠯᠡᠨ᠂ ︽ᠨᠢᠭᠡ ᠵᠢᠷᠤᠭ ᠢᠶᠠᠷ | ᠨᠡᠶᠢᠲᠡ ᠳᠤᠨᠢ ᠦᠵᠡᠬᠦ᠂ ᠨᠢᠭᠡ ᠰᠦᠯᠵᠢᠶ᠎ᠡ ᠪᠠᠷ ᠠᠵᠢᠯᠯᠠᠭᠤᠯᠬᠤ᠂ ᠨᠢᠭᠡ ᠴᠣᠭᠴᠠᠵᠢᠭᠤᠯᠤᠨ ᠬᠠᠮᠲᠤᠷᠠᠨ | ᠬᠦᠳᠡᠯᠦᠯᠴᠡᠬᠦ︾ ᠬᠤᠳᠠ ᠶᠢᠨ ᠠᠵᠢᠯᠯᠠᠭᠠᠨ ᠤ ᠵᠢᠯᠤᠭᠤᠳᠬᠤ ᠲᠥᠪ ᠢ ᠪᠠᠶᠢᠭᠤᠯᠵᠠᠢ᠃ ᠲᠣᠰ ᠤᠳᠠᠭ᠎ᠠ | DeepSeek ᠢ ᠠᠮᠵᠢᠯᠲᠠ ᠲᠠᠢ ᠪᠠᠷ ᠵᠠᠯᠭᠠᠨ ᠣᠷᠣᠭᠤᠯᠵᠤ᠂ DeepSeek ᠤᠨ ᠬᠦᠴᠦᠷᠬᠡᠭ ᠶᠡᠭᠡ | ᠪᠠᠶᠢᠭᠠᠯᠢ ᠶᠢᠨ ᠬᠡᠯᠡᠨ ᠤ ᠰᠢᠢᠳᠪᠦᠷᠢᠯᠡᠯᠲᠡ᠂ ᠲᠣᠮᠣ ᠳ᠋ᠠᠶᠢᠲ᠋ᠠ ᠶᠢᠨ ᠵᠠᠳᠠᠯᠤᠯᠲᠠ ᠪᠠ ᠣᠶᠤᠨᠴᠢ ᠰᠢᠢᠳᠪᠦᠷᠢᠲᠦ | ᠪᠣᠳᠣᠯᠭ᠎ᠠ ᠲᠣᠭᠲᠠᠭᠠᠬᠤ ᠴᠢᠳᠠᠪᠤᠷᠢ ᠳᠤ ᠲᠦᠰᠢᠭᠯᠡᠨ᠂ ᠬᠤᠲᠠ ᠶᠢᠨ ᠠᠵᠢᠯᠯᠠᠭᠠᠨ ᠤ ᠵᠢᠯᠤᠭᠤᠳᠬᠤ ᠲᠥᠪ ᠨᠢᠭᠡᠨᠲᠡ | ᠵᠠᠰᠠᠭ ᠤᠨ ᠶᠠᠪᠤᠳᠠᠯ ᠤᠨ ᠠᠯᠪᠠᠨ ᠠᠵᠢᠯ᠂ ᠣᠶᠤᠨᠴᠢ ᠠᠰᠠᠭᠤᠯᠲᠠ ᠲᠠᠯᠪᠢᠵᠤ ᠬᠠᠷᠢᠭᠤᠯᠲᠠ ᠥᠭᠬᠦ᠂ ᠬᠤᠲᠠ ᠶᠢᠨ | ᠵᠠᠰᠠᠯᠲᠠ ᠵᠡᠷᠭᠡ ᠬᠦᠷᠢᠶ᠎ᠡ ᠴᠠᠷᠠᠭᠠᠨ ᠳᠠᠬᠢ ᠶᠡᠷᠦᠩᠬᠡᠶᠢᠯᠡᠭᠰᠡᠨ ᠬᠡᠷᠡᠭᠯᠡᠯᠲᠡ ᠶᠢ ᠪᠡᠶᠡᠯᠡᠭᠦᠯᠵᠦ᠂ ᠮᠠᠨ ᠤ ᠰᠢᠶᠠᠨ ᠤ | ᠬᠤᠲᠠ ᠶᠢᠨ ᠠᠵᠢᠯᠯᠠᠭᠠᠨ ᠤ ᠵᠢᠯᠤᠭᠤᠳᠬᠤ ᠲᠥᠪ ᠤᠨ ᠦᠷ᠎ᠡ ᠪᠦᠲᠦᠮᠵᠢ᠂ ᠪᠠᠴᠢᠮ ᠪᠠᠶᠢᠳᠠᠯ ᠢ ᠠᠷᠭᠠᠴᠠᠭᠠᠬᠤ | ᠳᠠᠭᠠᠬᠤ ᠴᠢᠳᠠᠪᠤᠷᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠪᠡ᠃ ᠣᠳᠣᠬᠠᠨ ᠳᠤ᠂ ᠣᠶᠤᠨᠴᠢ ᠲᠤᠭ᠎ᠠ ᠪᠠᠷᠢᠮᠲᠠ ᠶᠢ ᠵᠠᠳᠠᠯᠬᠤ ᠪᠠ ᠤᠷᠢᠳᠴᠢᠯᠠᠨ ᠰᠡᠷᠡᠮᠵᠢᠯᠡᠭᠦᠯᠬᠦ᠂ | ᠪᠠᠴᠢᠮ ᠪᠠᠶᠢᠳᠠᠯ ᠢ ᠥᠨᠳᠥᠷ ᠪᠦᠲᠦᠮᠵᠢᠲᠡᠶ ᠠᠷᠭᠠᠴᠠᠭᠠᠵᠤ ᠵᠢᠯᠣᠭᠤᠳᠤᠨ ᠲᠣᠬᠢᠷᠠᠭᠤᠯᠬᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠣᠶᠤᠨᠴᠢᠯᠠᠨ ᠲᠠᠰ ᠳᠡᠪᠰᠢᠭᠦᠯᠬᠦ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠨ ᠰᠢᠯᠢᠳᠡᠭᠵᠢᠭᠦᠯᠬᠦ | ᠵᠡᠷᠭᠡ ᠴᠢᠳᠠᠮᠵᠢ ᠶᠢ ᠲᠠᠰ ᠳᠡᠪᠰᠢᠭᠦᠯᠬᠦ ᠶᠢ ᠶᠠᠭ ᠬᠠᠶᠢᠨ ᠰᠦᠪᠡᠭᠴᠢᠯᠡᠵᠦ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠮᠠᠨ ᠤ ᠰᠢᠶᠠᠨ DeepSeek ᠲᠣᠮᠣ ᠵᠠᠭᠪᠤᠷ ᠢᠶᠠᠷ ᠭᠤᠣᠯ ᠬᠥᠳᠡᠯᠭᠡᠭᠦᠷ | ᠪᠣᠯᠭᠠᠵᠤ᠂ AI ᠪᠦᠷᠢᠨ ᠦᠵᠡᠭᠳᠡᠯᠲᠦ ᠮᠠᠶ᠋ᠢᠭ ᠤᠨ ᠡᠨᠧᠷᠭᠢ ᠣᠯᠭᠤᠬᠤ ᠶᠢ ᠭᠦᠨᠵᠡᠭᠡᠶᠢᠷᠡᠭᠦᠯᠦᠨ᠂ DeepSeek | ᠤᠨ ᠭᠦᠨᠵᠡᠭᠡᠢ ᠵᠦᠢᠴᠢᠯᠡᠬᠦ ᠴᠢᠳᠠᠪᠤᠷᠢ ᠶᠢ ᠠᠰᠢᠭᠯᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠲᠠᠰ ᠳᠡᠪᠰᠢᠭᠦᠯᠬᠦ ᠵᠢᠴᠢ ᠲᠣᠭᠠᠴᠢᠯᠠᠭᠰᠠᠨ ᠠᠵᠤ | ᠠᠬᠤᠢ ᠶᠢᠨ ᠬᠥᠭᠵᠢᠯᠲᠡ ᠵᠡᠷᠭᠡ ᠴᠢᠭᠯᠡᠯ ᠢᠶᠠᠷ ᠤᠯᠠᠮ ᠨᠢᠭᠡ ᠠᠯᠬᠤᠮ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ᠃ | | |