— ᠳᠤᠮᠳᠠᠳᠤ ᠸᠢᠶᠧᠲᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠤᠨ ᠠᠵᠢᠯᠯᠠᠭ᠎ᠠ ᠶᠢᠨ | ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠪᠠᠶᠠᠷ ᠤᠨ ᠦᠭᠡ | | | ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 15 ᠤ ᠴᠠᠭᠢᠯᠭᠠᠨ ᠮᠡᠳᠡᠭᠡ | | ︵2025 ᠣᠨ ᠤ 4 ᠰᠠᠷ᠎ᠠ ᠶᠢᠨ 15 ᠤ ᠡᠳᠦᠷ ᠬᠠᠨᠤᠢ ᠳᠤ︶ | | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | | | ᠬᠦᠨᠳᠦᠲᠦ ᠶᠡᠷᠦᠩᠬᠡᠢ ᠱᠦᠵᠢ ᠰᠦ᠋ ᠯᠢᠨ | ᠳᠤᠮᠳᠠᠳᠤ ᠸᠢᠶᠧᠲᠨᠠᠮ ᠬᠤᠶᠠᠷ ᠤᠯᠤᠰ ᠤᠨ ᠨᠥᠬᠦᠳ᠂ ᠨᠠᠶᠢᠵᠠ ᠨᠠᠷ ᠠ᠋᠄ | ᠰᠠᠶᠢᠨ ᠪᠠᠶᠢᠵᠠᠭᠠᠨ᠎ᠠ ᠦᠦ︕ | | ᠬᠠᠨᠤᠢ ᠳᠤ ᠳᠤᠮᠳᠠᠳᠤ ᠸᠢᠶᠧᠲᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠤᠨ | ᠠᠵᠢᠯᠯᠠᠭ᠎ᠠ ᠳᠤ ᠣᠷᠣᠯᠴᠠᠬᠰᠠᠨ ᠬᠤᠶᠠᠷ ᠤᠯᠤᠰ ᠤᠨ ᠲᠥᠯᠥᠭᠡᠯᠡᠭᠴᠢᠳ ᠲᠠᠢ ᠠᠭᠤᠯᠵᠠᠭᠰᠠᠨ ᠳᠠᠭᠠᠨ ᠮᠠᠰᠢ | ᠪᠠᠶᠠᠷ ᠲᠠᠢ ᠪᠠᠶᠢᠨ᠎ᠠ᠂ ᠪᠢ ᠳᠤᠮᠳᠠᠳᠤ ᠤᠯᠤᠰ ᠤᠨ ᠨᠠᠮ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠲᠠ | ᠨᠠᠷ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ᠃ ᠡᠨᠡ ᠪᠣᠯ ᠮᠢᠨᠤ 10 ᠵᠢᠯ ᠤᠨ ᠳᠣᠲᠣᠷ᠎ᠠ | ᠸᠢᠶᠧᠲᠨᠠᠮ ᠳᠤ ᠳᠥᠷᠪᠡᠳᠡᠬᠢ ᠤᠳᠠᠭ᠎ᠠ ᠠᠶᠢᠯᠴᠢᠯᠠᠵᠤ ᠪᠠᠶᠢᠭ᠎ᠠ ᠶᠠᠪᠤᠳᠠᠯ ᠪᠤᠯᠬᠤ ᠪᠥᠭᠡᠳ ᠪᠠᠰᠠ ᠴᠤ ᠮᠢᠨᠤ ᠡᠨᠡ | ᠵᠢᠯ ᠤᠨ ᠠᠩᠬᠠᠳᠠᠭᠴᠢ ᠠᠶᠢᠯᠴᠢᠯᠠᠯᠲᠠ ᠶᠢᠨ ᠠᠩᠬᠠᠨ ᠤ ᠥᠷᠲᠡᠭᠡ ᠪᠣᠯᠣᠨ᠎ᠠ᠃ ᠥᠴᠥᠭᠡᠳᠦᠷ ᠦᠳᠡ ᠶᠢᠨ | ᠬᠤᠶᠢᠨ᠎ᠠ᠂ ᠪᠢ ᠶᠡᠷᠦᠩᠬᠡᠢ ᠱᠦᠵᠢ ᠰᠦ᠋ ᠯᠢᠨ ᠲᠠᠢ ᠪᠠᠶᠠᠯᠢᠭ ᠦᠷ᠎ᠡ ᠪᠦᠲᠦᠭᠡᠯ ᠣᠯᠣᠭᠰᠠᠨ ᠬᠡᠯᠡᠯᠴᠡᠭᠡ ᠬᠢᠵᠦ᠂ | ᠰᠢᠨ᠎ᠡ ᠴᠠᠭ ᠦᠶ᠎ᠡ ᠶᠢᠨ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠃ ᠰᠠᠶ᠋ᠢᠬᠠᠨ᠂ ᠶᠡᠷᠦᠩᠬᠡᠢ | ᠱᠦᠵᠢ ᠰᠦ᠋ ᠯᠢᠨ ᠣᠷᠭᠢᠯᠤᠮ᠎ᠠ ᠬᠠᠯᠠᠭᠤᠨ ᠰᠡᠳᠬᠢᠯᠭᠡ ᠲᠠᠢ ᠶᠠᠷᠢᠶ᠎ᠠ ᠲᠠᠯᠪᠢᠪᠠ᠂ ᠪᠢ ᠲᠡᠭᠦᠨ ᠤ ᠬᠤᠶᠠᠷ ᠨᠠᠮ | ᠬᠤᠶᠠᠷ ᠤᠯᠤᠰ ᠤᠨ ᠬᠠᠷᠢᠯᠴᠠᠭ᠎ᠠ ᠶᠢᠨ ᠲᠤᠬᠠᠢ ᠢᠳᠡᠪᠬᠢᠲᠡᠢ ᠦᠨᠡᠯᠡᠯᠲᠡ ᠶᠢ ᠪᠦᠷᠢᠮᠦᠰᠦᠨ ᠵᠥᠪᠰᠢᠶᠡᠷᠡᠵᠦ | ᠪᠠᠶᠢᠨ᠎ᠠ᠃ | ︽ᠤᠷᠭᠤᠭ᠎ᠠ ᠮᠣᠳᠣ ᠦᠨᠳᠦᠰᠦ ᠲᠠᠢ᠂ ᠠᠭᠤᠯᠠ ᠤᠰᠤ ᠡᠬᠢ ᠲᠠᠢ︾᠃ ᠳᠤᠮᠳᠠᠳᠤ ᠸᠢᠶᠧᠲᠨᠠᠮ ᠤᠨ | ᠬᠠᠷᠢᠯᠴᠠᠭ᠎ᠠ ᠶᠢᠨ ᠰᠠᠭᠤᠷᠢ ᠨᠢ ᠠᠷᠠᠳ ᠲᠦᠮᠡᠨ ᠳᠤ ᠪᠠᠶᠢᠨ᠎ᠠ᠂ ᠠᠮᠢᠨ ᠰᠤᠳᠠᠰᠤ ᠨᠢ ᠠᠷᠠᠳ ᠲᠦᠮᠡᠨ ᠳᠤ ᠪᠠᠶᠢᠨ᠎ᠠ᠂ | ᠬᠦᠴᠦᠨ ᠴᠢᠳᠠᠯ ᠨᠢ ᠠᠷᠠᠳ ᠲᠦᠮᠡᠨ ᠳᠤ ᠪᠠᠶᠢᠨ᠎ᠠ᠃ ᠤᠷᠳᠤ ᠬᠤᠭᠤᠴᠠᠭᠠᠨ ᠤ ᠲᠤᠷᠰᠢ᠂ ᠭᠠᠷ ᠬᠤᠯᠪᠣᠨ | ᠮᠥᠬᠦᠯ ᠠᠴᠠ ᠠᠪᠤᠷᠠᠵᠤ ᠣᠷᠣᠰᠢᠨ ᠲᠣᠭᠲᠠᠨᠢᠬᠤ ᠪᠠᠷ ᠲᠡᠮᠡᠴᠡᠵᠦ ᠬᠤᠪᠢᠰᠬᠠᠯ ᠤᠨ ᠦᠷ᠎ᠡ ᠶᠢ ᠰᠠᠴᠤᠭᠰᠠᠨ ᠠᠴᠠ᠂ | ᠮᠥᠷᠥ ᠵᠡᠷᠭᠡᠴᠡᠨ ᠪᠠᠶᠢᠯᠳᠤᠵᠤ ᠤᠯᠤᠰ ᠤᠨ ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠪᠠᠨ | ᠪᠡᠶᠡᠯᠡᠭᠦᠯᠦᠭᠰᠡᠨ ᠭᠦᠷᠲᠡᠯ᠎ᠡ᠂ ᠲᠠᠭᠢᠭᠠᠳ ᠣᠳᠣᠬᠢᠴᠢᠯᠠᠯᠲᠠ ᠶᠢᠨ ᠠᠶᠠᠨ ᠳᠤ ᠬᠠᠮᠲᠤ ᠪᠠᠷ ᠤᠷᠤᠭᠰᠢᠯᠠᠭᠰᠠᠨ | ᠭᠦᠷᠲᠡᠯ᠎ᠡ᠂ ᠳᠤᠮᠳᠠᠳᠤ ᠸᠢᠶᠧᠲᠨᠠᠮ ᠬᠤᠶᠠᠷ ᠤᠯᠤᠰ ᠤᠨ ᠠᠷᠠᠳ ᠲᠦᠮᠡᠨ ᠢᠮᠠᠭᠲᠠ ᠬᠠᠲᠠᠭᠤ ᠪᠡᠷᠬᠡᠰᠢᠶᠡᠯ ᠢ | ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ | ᠲᠡᠦᠬᠡᠨ ᠬᠠᠭᠤᠳᠠᠰᠤ ᠶᠢ ᠬᠠᠮᠲᠤ ᠪᠠᠷ ᠪᠢᠴᠢᠭᠯᠡᠭᠰᠡᠭᠡᠷ ᠢᠷᠡᠪᠡ᠃ | ᠳᠤᠮᠳᠠᠳᠤ ᠸᠢᠶᠧᠲᠨᠠᠮ ᠤᠨ ᠨᠥᠬᠦᠷᠯᠡᠯ ᠬᠤᠶᠠᠷ ᠤᠯᠤᠰ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ ᠳᠤᠮᠳᠠ ᠦᠨᠳᠦᠰᠦᠯᠡᠨ ᠰᠣᠶᠣᠭᠠᠯᠠᠪᠠ᠃ ᠳᠤᠮᠳᠠᠳᠤ ᠤᠯᠤᠰ ᠸᠢᠶᠧᠲᠨᠠᠮ ᠤᠨ ᠠᠷᠠᠳ ᠲᠦᠮᠡᠨ ᠤ | ᠹᠷᠠᠨᠼᠢ ᠶᠢ ᠡᠰᠡᠷᠭᠦᠴᠡᠬᠦ᠂ ᠠᠮᠧᠷᠢᠺᠠ ᠶᠢ ᠡᠰᠡᠷᠭᠦᠴᠡᠵᠦ ᠤᠯᠤᠰ ᠢᠶᠠᠨ ᠠᠪᠤᠷᠠᠬᠤ ᠲᠡᠮᠡᠴᠡᠯ ᠢ ᠪᠦᠭᠦ ᠬᠦᠴᠦ ᠪᠠᠷ ᠢᠶᠠᠨ | ᠲᠡᠮᠵᠢᠪᠠ᠃ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠸᠢᠶᠧᠲᠨᠠᠮ ᠤᠨ ᠰᠤᠷᠤᠬᠴᠢ᠂ ᠸᠢᠶᠧᠲᠨᠠᠮ ᠤᠨ ᠡᠪ ᠬᠠᠮᠲᠤ | ᠨᠠᠮ ᠤᠨ ᠡᠷᠲᠡ ᠦᠶ᠎ᠡ ᠶᠢᠨ ᠤᠳᠤᠷᠢᠳᠤᠭᠴᠢ ᠯᠢ ᠬᠤᠩ ᠹᠧᠩ ᠭᠤᠸᠠᠩᠵᠧᠦ ᠶᠢᠨ ᠪᠣᠰᠣᠯᠭ᠎ᠠ ᠳᠤ ᠣᠷᠣᠯᠴᠠᠵᠤ᠂ ︽ | ᠬᠤᠶᠠᠷ ᠤᠯᠤᠰ ᠤᠨ ᠵᠠᠩᠵᠤᠨ︾ ᠬᠤᠩ ᠱᠦᠢ ᠳᠤᠮᠳᠠᠳᠤ ᠤᠯᠤᠰ ᠤᠨ ᠠᠵᠢᠯᠴᠢᠨ ᠲᠠᠷᠢᠶᠠᠴᠢᠨ ᠤ ᠤᠯᠠᠭᠠᠨ | ᠴᠡᠷᠢᠭ ᠤᠨ ᠤᠷᠳᠤ ᠵᠠᠮ ᠤᠨ ᠠᠶᠠᠨ ᠲᠠᠶᠢᠨ ᠳᠤ ᠣᠷᠣᠯᠴᠠᠪᠠ᠃ ᠤᠯᠤᠰ ᠤᠨ ᠲᠤᠰᠠᠭᠠᠷ ᠲᠣᠭᠲᠠᠨᠢᠯ ᠪᠣᠯᠣᠨ | ᠦᠨᠳᠦᠰᠦᠲᠡᠨ ᠤ ᠴᠢᠯᠦᠭᠡᠯᠡᠯᠲᠡ ᠶᠢ ᠲᠡᠮᠡᠴᠡᠨ ᠣᠯᠬᠤ ᠰᠢᠳᠤᠷᠭᠤ ᠶᠣᠰᠣᠨ ᠤ ᠦᠢᠯᠡᠰ ᠤᠨ ᠳᠤᠮᠳᠠ᠂ ᠳᠤᠮᠳᠠᠳᠤ | ᠸᠢᠶᠧᠲᠨᠠᠮ ᠬᠤᠶᠠᠷ ᠤᠯᠤᠰ ᠤᠨ ᠠᠷᠠᠳ ᠲᠦᠮᠡᠨ ᠮᠥᠷᠥ ᠵᠡᠷᠭᠡᠴᠡᠨ ᠪᠠᠶᠢᠯᠳᠤᠵᠤ᠂ ︽ᠨᠥᠬᠦᠷ ᠪᠥᠭᠡᠳ ᠠᠬ᠎ᠠ | ᠳᠡᠭᠦᠦ︾ ᠶᠢᠨ ᠭᠦᠨ ᠵᠤᠵᠠᠭᠠᠨ ᠨᠥᠬᠦᠷᠯᠡᠯ ᠢ ᠭᠠᠯ ᠤᠯᠠᠭᠠᠨ ᠳᠡᠪᠢᠰᠬᠡᠷ ᠥᠩᠭᠡ ᠪᠠᠷ ᠪᠤᠳᠤᠭᠯᠠᠪᠠ᠃ | ᠳᠤᠮᠳᠠᠳᠤ ᠸᠢᠶᠧᠲᠨᠠᠮ ᠤᠨ ᠨᠥᠬᠦᠷᠯᠡᠯ ᠬᠤᠶᠠᠷ ᠤᠯᠤᠰ ᠤᠨ ᠠᠷᠠᠳ ᠲᠦᠮᠡᠨ ᠤ ᠪᠦᠯᠬᠦᠮᠳᠡᠯ ᠬᠠᠮᠵᠢᠯᠴᠠᠭ᠎ᠠ | ᠳᠤᠮᠳᠠ ᠴᠡᠴᠡᠭᠯᠡᠨ ᠵᠢᠮᠢᠰᠯᠡᠪᠡ᠃ ᠣᠶᠢᠷ᠎ᠠ ᠶᠢᠨ ᠵᠢᠯ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ | ᠢᠲᠡᠭᠡᠯᠴᠡᠭᠡ ᠨᠡᠩ ᠥᠨᠳᠥᠷ᠂ ᠠᠮᠤᠷ ᠲᠦᠪᠰᠢᠨ ᠤ ᠬᠠᠮᠲᠤᠷᠠᠯᠴᠠᠭ᠎ᠠ ᠨᠡᠩ ᠪᠣᠳᠠᠲᠠᠢ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠨᠡᠩ ᠭᠦᠨᠵᠡᠭᠡᠢ᠂ ᠠᠷᠠᠳ ᠤᠨ ᠰᠠᠨᠠᠭ᠎ᠠ ᠶᠢᠨ ᠰᠠᠭᠤᠷᠢ ᠨᠡᠩ ᠪᠠᠲᠤ᠂ ᠤᠯᠠᠨ ᠲᠠᠯ᠎ᠠ ᠶᠢᠨ | ᠵᠣᠬᠢᠴᠠᠭᠤᠯᠭ᠎ᠠ ᠬᠠᠮᠵᠢᠯᠴᠠᠭ᠎ᠠ ᠨᠡᠩ ᠴᠢᠩᠭ᠎ᠠ᠂ ᠵᠥᠷᠢᠯᠳᠦᠭᠡᠨ ᠢ ᠬᠠᠮᠢᠶᠠᠷᠤᠨ ᠡᠵᠡᠮᠳᠡᠵᠦ ᠰᠢᠢᠳᠪᠦᠷᠢᠯᠡᠬᠦ ᠨᠡᠩ | ᠰᠠᠶᠢᠨ ︽ᠵᠢᠷᠭᠤᠭᠠᠨ ᠨᠡᠩ ᠪᠠᠶᠢᠬᠤ︾ ᠶᠡᠷᠦᠩᠬᠡᠢ ᠬᠠᠷᠠᠯᠲᠠ ᠳᠤ ᠠᠩᠬᠠᠷᠤᠯ ᠲᠥᠪᠯᠡᠷᠡᠭᠦᠯᠵᠦ᠂ ᠤᠯᠤᠰ ᠲᠦᠷᠦ᠂ | ᠠᠮᠤᠷ ᠲᠦᠪᠰᠢᠨ᠂ ᠠᠵᠤ ᠠᠬᠤᠢ ᠠᠷᠠᠯᠵᠢᠶ᠎ᠠ᠂ ᠰᠣᠶᠣᠯ ᠢᠷᠭᠡᠨᠰᠢᠯ ᠵᠡᠷᠭᠡ ᠬᠦᠷᠢᠶᠡᠨ ᠳᠠᠬᠢ 30 ᠭᠠᠷᠤᠢ | ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ ᠤᠳᠠᠭ᠎ᠠ | ᠳᠠᠷᠠᠭᠠᠯᠠᠨ ᠰᠢᠨ᠎ᠡ ᠲᠡᠮᠳᠡᠭᠯᠡᠯ ᠢ ᠡᠭᠦᠳᠴᠦ᠂ ᠳᠤᠮᠳᠠᠳᠤ ᠤᠯᠤᠰ ᠨᠢ ᠸᠢᠶᠧᠲᠨᠠᠮ ᠤᠨ ᠭᠠᠳᠠᠭᠠᠳᠤ ᠪᠡᠯᠡ ᠶᠢᠨ | ᠢᠷᠡᠯᠲᠡ ᠶᠢᠨ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠬᠤᠶᠠᠷ ᠤᠯᠤᠰ ᠤᠨ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠲᠠᠰᠤᠷᠠᠯᠳᠠ ᠦᠭᠡᠢ ᠭᠦᠨᠵᠡᠭᠡᠶᠢᠷᠡᠵᠦ᠂ ᠰᠠᠭᠤᠷᠢ | ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠬᠠᠮᠲᠤᠷᠠᠯᠴᠠᠭ᠎ᠠ᠂ | ᠣᠶᠤᠨᠲᠤ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠢᠳᠡ ᠭᠦᠭ ᠲᠠᠢ ᠶᠠᠪᠤᠭᠳᠠᠵᠤ ᠪᠠᠶᠢᠨ᠎ᠠ᠃ ᠬᠤᠶᠠᠷ | ᠤᠯᠤᠰ ᠢᠶᠠᠷ ᠢᠶᠠᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠵᠤ᠂ ᠲᠤᠰ ᠤᠯᠤᠰ ᠤᠨ ᠢᠶᠠᠨ ᠪᠠᠶᠢᠳᠠᠯ ᠳᠤ | ᠨᠡᠶᠢᠴᠡᠭᠰᠡᠨ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠡᠷᠡᠰ ᠳᠡᠮᠵᠢᠵᠦ᠂ ᠲᠠᠰᠤᠷᠠᠯᠲᠠ ᠦᠭᠡᠢ ᠨᠡᠶᠢᠭᠡᠮ | ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠦᠢᠯᠡᠰ ᠤᠨ ᠰᠢᠨ᠎ᠡ ᠠᠮᠵᠢᠯᠲᠠ ᠪᠦᠲᠦᠮᠵᠢ ᠶᠢ ᠣᠯᠪᠠ᠃ | ᠳᠤᠮᠳᠠᠳᠤ ᠸᠢᠶᠧᠲᠨᠠᠮ ᠤᠨ ᠨᠥᠬᠦᠷᠯᠡᠯ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠬᠥᠭᠡᠭᠡᠴᠡᠯᠳᠦᠯ | ᠳᠤᠮᠳᠠ ᠤᠯᠠᠮᠵᠢᠯᠠᠭᠳᠠᠨ ᠭᠦᠨᠵᠡᠭᠡᠶᠢᠷᠡᠪᠡ᠃ ᠳᠡᠯᠡᠬᠡᠢ ᠶᠢᠨ ᠡᠩᠬᠡ ᠲᠠᠶᠢᠪᠤᠩ ᠪᠠ ᠬᠥᠮᠥᠨ ᠲᠥᠷᠥᠯᠬᠢᠲᠡᠨ ᠤ | ᠲᠠᠪᠰᠢᠯᠳᠠ ᠪᠣᠯ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠪᠠᠷ ᠬᠥᠭᠡᠭᠡᠴᠡᠯᠳᠦᠬᠦ ᠡᠷᠬᠢᠮ ᠳᠡᠭᠡᠳᠦ ᠦᠢᠯᠡᠰ | ᠮᠥᠨ᠃ ᠤᠷᠪᠠᠭᠠᠨ ᠬᠥᠷᠪᠡᠭᠡᠨ ᠰᠣᠯᠪᠢᠴᠠᠭᠰᠠᠨ ᠳᠡᠯᠡᠬᠡᠢ ᠶᠢᠨ ᠪᠠᠶᠢᠳᠠᠯ ᠤᠨ ᠡᠮᠦᠨ᠎ᠡ᠂ ᠬᠤᠶᠠᠷ ᠲᠠᠯ᠎ᠠ ᠪᠠᠷ ᠢᠶᠠᠨ | ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ᠂ ᠢᠮᠠᠭᠲᠠ ᠲᠡᠦᠬᠡ ᠶᠢᠨ ᠵᠥᠪ ᠲᠠᠯ᠎ᠠ᠂ | ᠴᠠᠭ ᠦᠶ᠎ᠡ ᠶᠢᠨ ᠲᠠᠪᠰᠢᠯᠳᠠ ᠶᠢᠨ ᠲᠠᠯ᠎ᠠ ᠳᠤ ᠪᠠᠲᠤ ᠵᠣᠭᠰᠣᠵᠤ᠂ ᠠᠽᠢᠶ᠎ᠠ ᠲᠢᠪ ᠪᠣᠯᠣᠨ ᠳᠡᠯᠡᠬᠡᠢ ᠳ᠋ᠠᠬᠢᠨ ᠳᠤ ᠨᠡᠩ | ᠤᠯᠠᠨ ᠲᠣᠬᠲᠠᠭᠠᠯᠳᠤ ᠴᠢᠨᠠᠷ ᠪᠣᠯᠣᠨ ᠢᠳᠡᠪᠬᠢ ᠬᠦᠴᠦᠨ ᠢ ᠬᠠᠩᠭᠠᠶ᠎ᠠ᠃ | ᠨᠥᠬᠦᠳ ᠠ᠋᠂ ᠨᠠᠶᠢᠵᠠ ᠨᠠᠷ ᠠ᠋︕ | ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ᠂ ᠬᠤᠶᠠᠷ ᠤᠯᠤᠰ ᠤᠨ ᠠᠷᠠᠳ ᠲᠦᠮᠡᠨ ᠤ ᠬᠦᠷᠢᠶᠡᠯᠡᠯ | ᠪᠣᠯᠣᠨ ᠳᠡᠮᠵᠢᠯᠭᠡ ᠪᠣᠯ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢᠨ | ᠪᠠᠲᠤ ᠪᠠᠬᠢ ᠰᠠᠭᠤᠷᠢ ᠮᠥᠨ᠃ ᠡᠨᠡ ᠵᠢᠯ ᠪᠣᠯ ᠳᠤᠮᠳᠠᠳᠤ ᠸᠢᠶᠧᠲᠨᠠᠮ ᠤᠨ ᠬᠠᠷᠢᠯᠴᠠᠭ᠎ᠠ ᠪᠠᠶᠢᠭᠤᠯᠤᠭᠰᠠᠨ 75 | ᠵᠢᠯ ᠤᠨ ᠤᠢ ᠵᠢᠴᠢ ︽ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠪᠣᠯᠣᠨ᠎ᠠ᠂ | ᠪᠢᠳᠡ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ | ᠨᠥᠬᠦᠷᠯᠡᠯ ᠤᠨ ᠨᠠᠷᠢᠨ ᠭᠤᠷᠤᠬ᠎ᠠ ᠶᠢ ᠳᠤᠮᠳᠠᠳᠤ ᠸᠢᠶᠧᠲᠨᠠᠮ ᠤᠨ ᠨᠥᠬᠦᠷᠯᠡᠯ ᠤᠨ ᠳᠣᠯᠭᠢᠶᠠᠯᠠᠨ ᠤᠷᠤᠰᠬᠤ ᠶᠡᠭᠡ | ᠭᠤᠣᠯ ᠪᠤᠯᠭᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ᠂ ᠨᠡᠩ | ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠦᠶ᠎ᠡ᠃ | ᠠᠳᠡ ᠰᠠᠭᠤᠯᠴᠠᠬᠰᠠᠳ ᠤᠨ ᠳᠣᠲᠣᠷ᠎ᠠ ᠴᠥᠭᠡᠨ ᠪᠤᠰᠤ ᠵᠠᠯᠠᠭᠤ ᠨᠠᠶᠢᠵᠠ ᠪᠠᠶᠢᠨ᠎ᠠ᠃ ᠵᠠᠯᠠᠭᠤᠴᠤᠳ ᠪᠣᠯ ᠠᠵᠢᠯ | ᠦᠢᠯᠡᠰ ᠤᠨ ᠢᠷᠡᠭᠡᠳᠦᠢ ᠪᠠ ᠬᠦᠰᠡᠯ ᠡᠷᠡᠮᠡᠯᠵᠡᠯ ᠮᠥᠨ᠃ ᠳᠤᠮᠳᠠᠳᠤ ᠤᠯᠤᠰ ᠬᠤᠶᠢᠰᠢᠳᠠ ᠶᠢᠨ 3 ᠵᠢᠯ ᠳᠤ | ᠸᠢᠶᠧᠲᠨᠠᠮ ᠤᠨ ᠵᠠᠯᠠᠭᠤᠴᠤᠳ ᠢ ᠤᠷᠢᠵᠤ ᠳᠤᠮᠳᠠᠳᠤ ᠤᠯᠤᠰ ᠲᠤ ᠢᠷᠡᠭᠦᠯᠵᠦ ︽ᠬᠤᠪᠢᠰᠬᠠᠯᠲᠤ ᠰᠤᠳᠤᠯᠤᠨ | ᠰᠤᠷᠤᠯᠴᠠᠬᠤ ᠠᠶᠠᠯᠠᠯ︾ ᠢ ᠥᠷᠨᠢᠭᠦᠯᠵᠦ᠂ ᠬᠤᠶᠠᠷ ᠨᠠᠮ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ | ᠤᠳᠤᠷᠢᠳᠬᠤ ᠬᠥᠮᠥᠰ ᠤᠨ ᠬᠤᠪᠢᠰᠬᠠᠯ ᠤᠨ ᠤᠯᠠ ᠮᠥᠷ ᠢ ᠮᠥᠷᠳᠡᠵᠦ᠂ ᠳᠤᠮᠳᠠᠳᠤ ᠸᠢᠶᠧᠲᠨᠠᠮ ᠤᠨ | ᠨᠥᠬᠦᠷᠯᠡᠯ ᠤᠨ ᠬᠤᠪᠢᠰᠬᠠᠯᠲᠤ ᠤᠳᠤᠮᠰᠢᠯ ᠢ ᠡᠷᠢᠯᠬᠢᠯᠡᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠩᠭᠡ ᠢᠯᠭᠠᠷᠠᠭᠰᠠᠨ ᠳᠦᠷᠰᠦ ᠪᠠᠶᠢᠳᠠᠯ ᠢ ᠣᠶᠢᠯᠠᠭᠠᠭᠤᠯᠵᠤ᠂ ᠬᠤᠶᠠᠷ ᠤᠯᠤᠰ ᠤᠨ ᠲᠤᠰ | ᠲᠤᠰ ᠤᠨ ᠨᠡᠶᠢᠭᠡᠮ ᠵᠢᠷᠤᠮ ᠤᠨ ᠠᠵᠢᠯ ᠦᠢᠯᠡᠰ ᠪᠣᠯᠣᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠵᠠᠯᠠᠭᠤ ᠨᠠᠰᠤᠨ ᠤ | ᠬᠦᠴᠦᠨ ᠴᠢᠳᠠᠯ ᠢ ᠨᠢᠭᠲᠠᠷᠠᠭᠤᠯᠤᠶ᠎ᠠ᠃ | ᠣᠯᠠᠨ ᠳᠤ ᠪᠠᠶᠠᠷᠯᠠᠯ᠎ᠠ︕ | |