ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 15 ᠤ ᠴᠠᠭᠢᠯᠭᠠᠨ ᠮᠡᠳᠡᠭᠡ 4 ᠰᠠᠷ᠎ᠠ ᠶᠢᠨ 16 ᠤ | ᠡᠳᠦᠷ ᠬᠡᠪᠯᠡᠭᠳᠡᠭᠰᠡᠨ 8 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ | ᠪᠦᠲᠦᠭᠡᠨ ᠪᠠᠶᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠢᠳᠡ ᠰᠣᠶᠣᠯ ᠤᠨ | ᠪᠠᠶᠢᠭᠤᠯᠤᠯᠲᠠ ᠶᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ | ᠠᠯᠢ ᠤᠯᠠᠨ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠤᠨ ᠦᠵᠡᠯ ᠰᠠᠨᠠᠭ᠎ᠠ ᠶᠢ ᠪᠦᠷᠢᠯᠳᠦᠭᠦᠯᠵᠦ᠂ ᠰᠣᠶᠣᠯ ᠤᠨ | ᠪᠠᠶᠢᠭᠤᠯᠤᠯᠲᠠ ᠨᠢ ᠤᠭ ᠦᠨᠳᠦᠰᠦ ᠠᠴᠠ ᠨᠢ ᠴᠡᠭᠴᠡᠯᠡᠨ ᠵᠠᠰᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ | ᠡᠭᠦᠳᠬᠦ ᠳᠤᠮᠳᠠ ᠲᠡᠦᠬᠡᠲᠦ ᠴᠢᠨᠠᠷᠲᠠᠢ ᠠᠮᠵᠢᠯᠲᠠ ᠣᠯᠬᠤ ᠶᠢ ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ | ᠬᠦᠴᠦᠷᠬᠡᠭ ᠤᠯᠤᠰ ᠤᠨ ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠮ ᠢ ᠠᠯᠬᠤᠪᠠ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠨᠢ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ ᠳᠤ ᠬᠤᠯᠪᠣᠭᠳᠠᠵᠤ᠂ | ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠦᠢᠯᠡᠰ ᠲᠤ ᠬᠤᠯᠪᠣᠭᠳᠠᠵᠤ᠂ ᠳᠡᠯᠡᠬᠡᠢ ᠳᠡᠭᠡᠷᠡᠬᠢ | ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠳᠤ ᠬᠤᠯᠪᠣᠭᠳᠠᠨ᠎ᠠ᠃ ᠪᠢᠳᠡ 2035 ᠣᠨ ᠳᠤ ᠰᠣᠶᠣᠯ ᠤᠨ | ᠬᠦᠴᠦᠷᠬᠡᠭ ᠤᠯᠤᠰ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠮᠠᠷᠺᠰ ᠤᠨ ᠦᠵᠡᠯ ᠭᠡᠬᠦ ᠡᠨᠡ ᠬᠦ ᠦᠨᠳᠦᠰᠦᠨ ᠵᠢᠯᠤᠭᠤᠳᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠥᠷᠭᠡᠨ ᠳᠡᠯᠭᠡᠷ | ᠭᠦᠨ ᠭᠦᠨᠵᠡᠭᠡᠢ ᠳᠤᠮᠳᠠᠳᠤ ᠶᠢᠨ ᠪᠣᠯᠪᠠᠰᠤᠨ ᠳᠤ ᠦᠨᠳᠦᠰᠦᠯᠡᠵᠦ᠂ ᠮᠡᠳᠡᠭᠡ ᠵᠠᠩᠭᠢ ᠶᠢᠨ ᠮᠡᠷᠭᠡᠵᠢᠯ ᠤᠨ | ᠬᠥᠭᠵᠢᠯᠲᠡ ᠶᠢᠨ ᠤᠷᠤᠰᠬᠠᠯ ᠳᠤ ᠵᠣᠬᠢᠴᠠᠵᠤ᠂ ᠬᠦᠴᠦᠷᠬᠡᠭ ᠶᠡᠭᠡ ᠦᠵᠡᠯ ᠰᠠᠨᠠᠭᠠᠨ ᠤ ᠬᠥᠲᠥᠯᠥᠨ ᠳᠠᠭᠠᠭᠤᠯᠬᠤ | ᠬᠦᠴᠦᠨ᠂ ᠣᠶᠤᠨ ᠰᠠᠨᠠᠭᠠᠨ ᠤ ᠨᠢᠭᠲᠠᠷᠠᠯ ᠤᠨ ᠬᠦᠴᠦᠨ᠂ ᠥᠷᠲᠡᠭ ᠤᠨ ᠤᠷᠢᠶᠠᠯᠠᠬᠤ ᠬᠦᠴᠦᠨ᠂ ᠳᠡᠯᠡᠬᠡᠢ | ᠳ᠋ᠠᠬᠢᠨ ᠳᠤ ᠨᠥᠯᠥᠭᠡᠯᠡᠬᠦ ᠬᠦᠴᠦᠨ ᠲᠠᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠰᠣᠶᠣᠯ ᠢ ᠲᠠᠰᠤᠷᠠᠯᠲᠠ ᠦᠭᠡᠢ ᠬᠥᠭᠵᠢᠭᠦᠯᠵᠦ᠂ ᠠᠷᠠᠳ ᠲᠦᠮᠡᠨ ᠤ ᠣᠶᠤᠨ ᠰᠠᠨᠠᠭᠠᠨ ᠤ | ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠣᠶᠣᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠵᠣᠬᠢᠶᠠᠯ ᠳᠤ 5 ᠲᠠᠯ᠎ᠠ ᠪᠠᠷ ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠲᠤᠬᠠᠢ | ᠪᠠᠶᠢᠷᠢᠯᠠᠭᠤᠯᠤᠯᠲᠠ ᠬᠢᠵᠡᠢ᠃ ᠨᠢᠭᠡᠳᠦᠭᠡᠷ ᠲᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠰᠣᠶᠣᠯ ᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠡᠨᠡ ᠬᠦ ᠵᠠᠮ ᠤᠨ | ᠬᠠᠮᠤᠭ ᠤᠨ ᠮᠥᠨ ᠴᠢᠨᠠᠷ ᠤᠨ ᠣᠨᠴᠠᠯᠢᠭ ᠪᠣᠯ ᠳᠠᠷᠤᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠠᠪᠤᠳᠠᠯ | ᠪᠣᠯᠣᠨ᠎ᠠ᠃ ᠡᠷᠬᠡᠪᠰᠢ ᠨᠠᠮ ᠠᠴᠠ ᠤᠬᠠᠭᠤᠯᠭ᠎ᠠ ᠶᠢ ᠬᠠᠮᠢᠶᠠᠷᠬᠤ᠂ ᠨᠠᠮ ᠠᠴᠠ ᠦᠵᠡᠯ ᠤᠬᠠᠮᠰᠠᠷ ᠤᠨ ᠭᠡᠯᠪᠡᠷᠢ ᠶᠢ | ᠬᠠᠮᠢᠶᠠᠷᠬᠤ᠂ ᠨᠠᠮ ᠠᠴᠠ ᠵᠠᠭᠤᠴᠢᠯᠠᠭᠤᠷ ᠢ ᠬᠠᠮᠢᠶᠠᠷᠬᠤ᠂ ᠨᠠᠮ ᠠᠴᠠ ᠢᠨᠲ᠋ᠧᠷ ᠰᠦᠯᠵᠢᠶ᠎ᠡ ᠶᠢ ᠬᠠᠮᠢᠶᠠᠷᠬᠤ ᠵᠠᠷᠴᠢᠮ ᠢ | ᠪᠣᠳᠠᠲᠠᠢ ᠳᠤ ᠨᠠᠶᠢᠳᠠᠪᠤᠷᠢᠵᠢᠭᠤᠯᠵᠤ᠂ ᠮᠡᠳᠡᠭᠡ ᠵᠠᠩᠭᠢᠵᠢᠯᠲᠠ ᠶᠢᠨ ᠨᠥᠬᠦᠴᠡᠯ ᠳᠣᠣᠷᠠᠬᠢ ᠰᠣᠶᠣᠯ ᠤᠨ ᠬᠦᠷᠢᠶᠡᠨ ᠤ | ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠦᠵᠡᠯ ᠰᠠᠨᠠᠭ᠎ᠠ᠂ ᠤᠶᠤᠨ ᠰᠠᠨᠠᠭ᠎ᠠ᠂ ᠰᠣᠶᠣᠯ ᠤᠨ ᠲᠠᠯ᠎ᠠ | ᠳᠡᠭᠡᠷᠡᠬᠢ ᠨᠠᠮ ᠤᠨ ᠲᠦᠷᠦ ᠪᠠᠷᠢᠬᠤ ᠰᠠᠭᠤᠷᠢ ᠪᠣᠯᠣᠨ ᠤᠯᠠᠨ ᠲᠦᠮᠡᠨᠴᠢ ᠰᠠᠭᠤᠷᠢ ᠶᠢ ᠪᠠᠬᠢᠵᠢᠭᠦᠯᠬᠦ ᠬᠡᠷᠡᠭᠲᠡᠢ᠃ | ᠮᠠᠷᠺᠰ ᠤᠨ ᠦᠵᠡᠯ ᠤᠨ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠵᠢᠯᠤᠭᠤᠳᠬᠤ ᠪᠠᠶᠢᠷᠢ ᠰᠠᠭᠤᠷᠢ ᠶᠢᠨ | ᠦᠨᠳᠦᠰᠦᠨ ᠪᠠᠶᠢᠭᠤᠯᠤᠯ ᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠰᠣᠶᠣᠯ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ | ᠣᠳᠣᠬᠢᠴᠢᠯᠠᠯᠲᠠ ᠳᠤ ᠬᠠᠨᠳᠤᠭᠤᠯᠤᠭᠰᠠᠨ᠂ ᠳᠡᠯᠡᠬᠡᠢ ᠳᠤ ᠬᠠᠨᠳᠤᠭᠤᠯᠤᠭᠰᠠᠨ᠂ ᠢᠷᠡᠭᠡᠳᠦᠢ ᠳᠤ ᠬᠠᠨᠳᠤᠭᠤᠯᠤᠭᠰᠠᠨ᠂ | ᠦᠨᠳᠦᠰᠦᠲᠡᠨ ᠤ ᠪᠥᠭᠡᠳ ᠰᠢᠨᠵᠢᠯᠡᠬᠦ ᠤᠬᠠᠭᠠᠨᠴᠢ ᠤᠯᠠᠨ ᠲᠦᠮᠡᠨᠴᠢ ᠨᠡᠶᠢᠭᠡᠮ ᠵᠢᠷᠤᠮ ᠤᠨ ᠰᠣᠶᠣᠯ ᠢ ᠬᠥᠭᠵᠢᠭᠦᠯᠬᠦ | ᠬᠡᠷᠡᠭᠲᠡᠢ᠃ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠲᠠᠢ ᠨᠡᠶᠢᠭᠡᠮ | ᠵᠢᠷᠤᠮ ᠤᠨ ᠦᠵᠡᠯ ᠤᠬᠠᠮᠰᠠᠷ ᠤᠨ ᠭᠡᠯᠪᠡᠷᠢ ᠶᠢ ᠪᠠᠶᠢᠭᠤᠯᠬᠤ ᠲᠠᠢ ᠨᠢᠭᠲᠠ ᠤᠶᠠᠯᠳᠤᠭᠤᠯᠤᠨ ᠨᠡᠶᠢᠭᠡᠮ ᠵᠢᠷᠤᠮ ᠤᠨ | ᠭᠤᠣᠯᠯᠠᠭᠴᠢ ᠦᠷᠲᠡᠭ ᠤᠨ ᠦᠵᠡᠯᠲᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ | ᠵᠣᠷᠢᠭ ᠰᠠᠨᠠᠭ᠎ᠠ᠂ ᠳᠤᠮᠳᠠᠳᠤ ᠤᠯᠤᠰ ᠤᠨ ᠦᠷᠲᠡᠭ᠂ ᠳᠤᠮᠳᠠᠳᠤ ᠤᠯᠤᠰ ᠤᠨ ᠬᠦᠴᠦᠨ ᠢ ᠲᠠᠰᠤᠷᠠᠯᠲᠠ ᠦᠭᠡᠢ | ᠪᠠᠶᠢᠭᠤᠯᠵᠤ᠂ ᠭᠤᠣᠯ ᠦᠷᠲᠡᠭ᠂ ᠭᠤᠣᠯ ᠶᠠᠷᠢᠶ᠎ᠠ ᠬᠡᠯᠡᠯᠴᠡᠭᠡ᠂ ᠭᠤᠣᠯ ᠰᠣᠶᠣᠯ ᠢ ᠬᠥᠭᠵᠢᠭᠦᠯᠦᠨ | ᠪᠤᠵᠠᠭᠠᠶᠢᠷᠠᠭᠤᠯᠬᠤ ᠬᠡᠷᠡᠭᠲᠡᠢ᠃ | ᠬᠤᠶᠠᠳᠤᠭᠠᠷ ᠲᠤ᠂ ᠪᠦᠭᠦ ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠬᠦ ᠬᠡᠷᠡᠭᠲᠡᠢ᠃ ᠰᠣᠶᠣᠯ ᠤᠨ ᠠᠮᠢᠵᠢᠷᠠᠯ ᠤᠨ ᠬᠦᠴᠦᠨ ᠨᠢ | ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠳᠤ ᠪᠤᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ | ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠬᠤ᠂ ᠨᠡᠶᠢᠭᠡᠮ ᠤᠨ ᠦᠷ᠎ᠡ ᠠᠰᠢᠭ ᠪᠣᠯᠣᠨ ᠠᠵᠤ ᠠᠬᠤᠢ ᠶᠢᠨ | ᠦᠷ᠎ᠡ ᠠᠰᠢᠭ ᠢ ᠨᠢᠭᠡᠳᠬᠡᠬᠦ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ | ᠬᠦᠴᠦᠨ ᠢ ᠬᠥᠭᠵᠢᠭᠡᠬᠦ ᠶᠢ ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠭᠤᠣᠯ ᠭᠤᠭᠴᠤᠭ᠎ᠠ ᠪᠤᠯᠭᠠᠵᠤ᠂ ᠰᠣᠶᠣᠯ ᠤᠨ ᠬᠠᠮᠢᠶᠠᠷᠤᠯᠲᠠ ᠶᠢᠨ ᠪᠠᠶᠢᠭᠤᠯᠤᠯ ᠪᠣᠯᠣᠨ ᠦᠢᠯᠡᠳᠪᠦᠷᠢᠯᠡᠯ | ᠡᠵᠡᠩᠨᠡᠯᠲᠡ ᠶᠢᠨ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ ᠤᠳᠬ᠎ᠠ ᠤᠷᠠᠯᠢᠭ ᠤᠨ ᠵᠣᠬᠢᠶᠠᠨ | ᠪᠦᠲᠦᠭᠡᠯᠭᠡ ᠶᠢᠨ ᠦᠢᠯᠡᠳᠪᠦᠷᠢᠯᠡᠯ ᠤᠨ ᠦᠢᠯᠡᠴᠢᠯᠡᠭᠡ᠂ ᠬᠥᠲᠥᠯᠥᠨ ᠵᠢᠯᠤᠭᠤᠳᠬᠤ᠂ ᠵᠣᠬᠢᠶᠠᠨ ᠪᠠᠶᠢᠭᠤᠯᠬᠤ | ᠠᠵᠢᠯ ᠤᠨ ᠲᠣᠭᠲᠠᠴᠠ ᠶᠢ ᠰᠠᠶᠢᠵᠢᠷᠠᠭᠤᠯᠵᠤ᠂ ᠬᠥᠮᠥᠰ ᠤᠨ ᠰᠡᠳᠬᠢᠯ ᠳᠤ ᠬᠠᠳᠠᠩᠰᠢᠭᠰᠠᠨ ᠨᠢᠭᠡ ᠪᠦᠯᠦᠭ ᠴᠠᠭ | ᠦᠶ᠎ᠡ ᠶᠢᠨ ᠰᠣᠩᠭᠤᠳᠠᠭ ᠪᠦᠲᠦᠭᠡᠯ ᠢ ᠵᠣᠬᠢᠶᠠᠨ ᠪᠦᠲᠦᠭᠡᠬᠦ ᠬᠡᠷᠡᠭᠲᠡᠢ᠃ ᠰᠠᠶᠢᠨ ᠰᠠᠶᠢᠬᠠᠨ ᠰᠣᠶᠣᠯ ᠤᠨ ᠠᠮᠢ | ᠠᠬᠤᠢ ᠶᠢ ᠢᠳᠡᠪᠬᠢᠲᠡᠢ ᠪᠤᠢ ᠪᠤᠯᠭᠠᠵᠤ᠂ ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ | ᠬᠦᠴᠦᠨ ᠤ ᠦᠷᠭᠦᠯᠵᠢᠯᠡᠨ ᠪᠠᠳᠠᠷᠠᠬᠤ ᠶᠢ ᠠᠬᠢᠭᠤᠯᠬᠤ ᠬᠡᠷᠡᠭᠲᠡᠢ᠃ ᠰᠣᠶᠣᠯ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠭᠤᠰᠤᠯᠴᠠᠯ ᠤᠨ ᠪᠦᠲᠦᠮᠵᠢᠲᠡᠶ ᠲᠣᠭᠲᠠᠴᠠ ᠶᠢ ᠰᠦᠪᠡᠭᠴᠢᠯᠡᠵᠦ᠂ ᠰᠣᠶᠣᠯ ᠤᠨ ᠪᠠᠶᠢᠭᠤᠯᠤᠯᠲᠠ ᠳᠤ | ᠲᠣᠭᠠᠴᠢᠯᠠᠯᠲᠠ ᠪᠠᠷ ᠬᠦᠴᠦᠨ ᠣᠯᠭᠤᠬᠤ᠂ ᠮᠡᠳᠡᠭᠡ ᠵᠠᠩᠭᠢᠵᠢᠯᠲᠠ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠪᠡᠶᠡᠯᠡᠭᠦᠯᠬᠦ ᠬᠡᠷᠡᠭᠲᠡᠢ᠃ | ᠭᠤᠷᠪᠠᠳᠤᠭᠠᠷ ᠲᠤ᠂ ᠰᠣᠶᠣᠯ ᠤᠨ ᠪᠠᠶᠢᠭᠤᠯᠤᠯᠲᠠ ᠶᠢ ᠠᠷᠠᠳ ᠲᠦᠮᠡᠨ ᠤ ᠲᠠᠯ᠎ᠠ ᠠᠴᠠ ᠪᠣᠳᠣᠯᠬᠢᠯᠠᠬᠤ᠂ | ᠲᠤᠰᠤᠯᠲᠠ ᠨᠢ ᠠᠷᠠᠳ ᠲᠦᠮᠡᠨ ᠤ ᠳᠡᠭᠡᠷ᠎ᠡ ᠪᠠᠶᠢᠬᠤ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠰᠣᠶᠣᠯ ᠤᠨ | ᠬᠦᠴᠦᠷᠬᠡᠭ ᠤᠯᠤᠰ ᠤᠨ ︽ᠬᠦᠴᠦᠷᠬᠡᠭ︾ ᠨᠢ ᠡᠴᠦᠰ ᠲᠡᠭᠡᠨ ᠠᠷᠠᠳ ᠲᠦᠮᠡᠨ ᠤ ᠦᠵᠡᠯ ᠰᠠᠨᠠᠭᠠᠨ ᠤ ᠲᠦᠪᠰᠢᠨ᠂ | ᠤᠶᠤᠨ ᠰᠠᠨᠠᠭᠠᠨ ᠤ ᠪᠠᠶᠢᠳᠠᠯ᠂ ᠰᠣᠶᠣᠯ ᠤᠨ ᠪᠣᠯᠪᠠᠰᠤᠷᠠᠯ ᠳᠡᠭᠡᠷ᠎ᠡ ᠢᠯᠡᠷᠡᠬᠦ ᠶᠤᠮ᠃ ᠰᠣᠶᠣᠯ ᠤᠨ ᠦᠢᠯᠡᠴᠢᠯᠡᠭᠡ | ᠪᠠ ᠰᠣᠶᠣᠯ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠯᠠᠨ ᠤ | ᠰᠣᠶᠣᠯ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ᠃ ᠰᠣᠶᠣᠯ ᠤᠨ | ᠰᠡᠳᠬᠢᠯ ᠰᠠᠨᠠᠭ᠎ᠠ ᠵᠣᠷᠢᠭ ᠢ ᠤᠷᠮᠠᠰᠢᠭᠤᠯᠬᠤ᠂ ᠵᠠᠩ ᠠᠷᠠᠨᠰᠢᠨ ᠢ ᠪᠣᠶᠢᠵᠢᠭᠤᠯᠬᠤ ᠦᠢᠯᠡᠳᠦᠯ ᠢ ᠪᠠᠳᠠᠷᠠᠭᠤᠯᠬᠤ ᠶᠢ | ᠴᠢᠬᠤᠯᠠᠴᠢᠯᠠᠵᠤ᠂ ᠪᠦᠭᠦ ᠦᠨᠳᠦᠰᠦᠲᠡᠨ ᠤ ᠴᠤᠭ ᠵᠣᠷᠢᠭ ᠪᠠᠳᠠᠷᠠᠩᠭᠤᠢ ᠡᠷᠡᠮᠡᠬᠡᠶᠢᠯᠡᠨ ᠲᠠᠪᠰᠢᠬᠤ ᠴᠤᠭ | ᠵᠢᠪᠬᠤᠭ᠎ᠠ ᠶᠢ ᠪᠤᠯᠪᠠᠰᠤᠷᠠᠭᠤᠯᠬᠤ ᠬᠡᠷᠡᠭᠲᠡᠢ᠃ ᠴᠢᠳᠠᠪᠤᠷᠢᠲᠠᠨ ᠢ ᠬᠥᠮᠥᠵᠢᠭᠦᠯᠬᠦ᠂ ᠡᠩᠨᠡᠭᠡ ᠶᠢ ᠪᠠᠶᠢᠭᠤᠯᠬᠤ ᠶᠢ | ᠴᠢᠬᠤᠯᠠ ᠪᠥᠭᠡᠳ ᠪᠠᠴᠢᠮ ᠲᠤᠯᠭᠠᠮ ᠪᠠᠶᠢᠯᠳᠤᠬᠤ ᠪᠣᠳᠣᠯᠭ᠎ᠠ ᠶᠢᠨ ᠡᠭᠦᠷᠭᠡ ᠪᠤᠯᠭᠠᠵᠤ᠂ ᠬᠡᠪᠴᠢᠶ᠎ᠡ ᠪᠠᠷ ᠠᠤᠭ᠎ᠠ | ᠶᠡᠭᠡ᠂ ᠪᠦᠲᠦᠴᠡ ᠨᠢ ᠵᠦᠢ ᠵᠣᠬᠢᠰᠲᠠᠢ᠂ ᠡᠷᠡᠰ ᠰᠢᠭᠤᠷᠬᠠᠢ ᠪᠠᠷ ᠰᠢᠨ᠎ᠡ ᠶᠢ ᠡᠭᠦᠳᠬᠦ ᠥᠨᠳᠥᠷ ᠲᠦᠪᠰᠢᠨ ᠪᠦᠬᠦᠢ | ᠰᠣᠶᠣᠯ ᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠬᠡᠷᠡᠭᠲᠡᠢ᠃ | ᠳᠥᠷᠪᠡᠳᠦᠭᠡᠷ ᠲᠤ᠂ ᠪᠦᠲᠦᠭᠡᠯᠴᠢ ᠴᠢᠨᠠᠷᠲᠠᠢ ᠪᠠᠷ ᠣᠨᠳᠣᠣᠰᠢᠭᠤᠯᠬᠤ ᠪᠠ ᠰᠢᠨ᠎ᠡ ᠶᠢ ᠡᠭᠦᠳᠬᠦ ᠴᠢᠨᠠᠷᠲᠠᠢ ᠪᠠᠷ | ᠬᠥᠭᠵᠢᠭᠦᠯᠬᠦ ᠳᠤᠮᠳᠠ ᠳᠤᠮᠳᠠᠳᠤ ᠶᠢᠨ ᠰᠣᠶᠣᠯ ᠤᠨ ᠤᠳᠤᠮᠰᠢᠯ ᠢ ᠵᠠᠯᠭᠠᠮᠵᠢᠯᠠᠬᠤ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤ ᠰᠣᠶᠣᠯ ᠤᠨ ᠭᠤᠣᠯ ᠴᠣᠭᠴᠠᠲᠤ ᠴᠢᠨᠠᠷ ᠢ ᠥᠨᠳᠥᠷ ᠮᠠᠨᠳᠤᠭᠤᠯᠵᠤ᠂ ᠤᠯᠠᠷᠢᠯ ᠬᠤᠪᠢᠰᠤᠯᠲᠠ ᠶᠢ | ᠲᠤᠭᠤᠯᠤᠬᠰᠠᠨ ᠳᠤᠮᠳᠠᠳᠤ ᠶᠢᠨ ᠪᠣᠯᠪᠠᠰᠤᠨ ᠤ ᠦᠨᠡᠲᠦ ᠡᠷᠳᠡᠨᠢ ᠶᠢ ᠰᠠᠶᠢᠲᠤᠷ ᠬᠠᠮᠠᠭᠠᠯᠠᠵᠤ᠂ ᠰᠠᠶᠢᠲᠤᠷ | ᠪᠠᠳᠠᠷᠠᠭᠤᠯᠵᠤ᠂ ᠰᠠᠶᠢᠲᠤᠷ ᠬᠥᠭᠵᠢᠭᠦᠯᠬᠦ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ | ᠲᠡᠦᠬᠡᠲᠦ ᠬᠠᠷᠢᠭᠤᠴᠠᠯᠭ᠎ᠠ ᠪᠠ ᠲᠠᠷᠬᠠᠨ ᠡᠭᠦᠷᠭᠡ ᠮᠥᠨ᠃ ᠡᠷᠲᠡᠨ ᠤ ᠬᠢ ᠶᠢ ᠡᠳᠦᠭᠡ ᠳᠤ ᠦᠢᠯᠡᠴᠢᠯᠡᠭᠦᠯᠬᠦ᠂ | ᠬᠠᠭᠤᠴᠢᠨ ᠢ ᠥᠭᠡᠷᠡᠴᠢᠯᠡᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠪᠦᠲᠦᠭᠡᠯᠴᠢ ᠴᠢᠨᠠᠷᠲᠠᠢ ᠪᠠᠷ ᠣᠨᠳᠣᠣᠰᠢᠭᠤᠯᠬᠤ | ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠤᠨ ᠤᠶᠤᠨ ᠰᠠᠨᠠᠭᠠᠨ ᠤ ᠠᠭᠤᠯᠬᠤᠨ ᠢ ᠭᠦᠨᠵᠡᠭᠡᠢ ᠠᠭᠤᠳᠠᠯᠤᠨ ᠲᠠᠶᠢᠯᠪᠤᠷᠢᠯᠠᠵᠤ᠂ ᠮᠠᠷᠺᠰ ᠤᠨ | ᠦᠵᠡᠯ ᠢᠶᠠᠷ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠰᠢᠯᠢᠳᠡᠭ ᠡᠯᠧᠮᠧᠨ᠋ᠲ ᠢ ᠬᠥᠭᠵᠢᠭᠡᠬᠦ ᠶᠢᠨ ᠬᠠᠮᠲᠤ | ᠲᠡᠭᠦᠨ ᠳᠤ ᠴᠠᠭ ᠦᠶ᠎ᠡ ᠶᠢᠨ ᠰᠢᠨ᠎ᠡ ᠠᠭᠤᠯᠬᠤᠨ ᠣᠯᠭᠤᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠢ ᠬᠥᠭᠵᠢᠭᠦᠯᠬᠦ ᠬᠡᠷᠡᠭᠲᠡᠢ᠃ ᠲᠡᠦᠬᠡ ᠶᠢ ᠪᠢᠰᠢᠷᠡᠨ ᠵᠢᠷᠦᠬᠡᠰᠢᠶᠡᠬᠦ᠂ | ᠰᠣᠶᠣᠯ ᠢ ᠬᠠᠶᠢᠷᠠᠯᠠᠬᠤ ᠰᠡᠳᠬᠢᠯ ᠢ ᠪᠠᠷᠢᠮᠲᠠᠯᠠᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠵᠦᠢ ᠵᠣᠬᠢᠰᠲᠠᠢ | ᠠᠰᠢᠭᠯᠠᠬᠤ ᠪᠠ ᠬᠠᠮᠤᠭ ᠤᠨ ᠪᠠᠭ᠎ᠠ ᠬᠡᠮᠵᠢᠶ᠎ᠡ ᠪᠠᠷ ᠭᠠᠷ ᠲᠦᠷᠦᠭᠦ ᠵᠠᠷᠴᠢᠮ ᠢ ᠪᠠᠷᠢᠮᠲᠠᠯᠠᠵᠤ᠂ ᠰᠣᠶᠣᠯ ᠤᠨ ᠥᠪ ᠤᠨ | ᠰᠢᠰᠲ᠋ᠧᠮᠲᠦ ᠴᠢᠨᠠᠷᠲᠠᠢ ᠬᠠᠮᠠᠭᠠᠯᠠᠯᠲᠠ ᠪᠠ ᠨᠢᠭᠡᠳᠦᠯᠲᠡᠢ ᠬᠢᠨᠠᠯᠲᠠ ᠬᠠᠮᠢᠶᠠᠷᠤᠯᠲᠠ ᠶᠢ ᠠᠬᠢᠭᠤᠯᠬᠤ ᠬᠡᠷᠡᠭᠲᠡᠢ᠃ | ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ | ᠬᠡᠷᠡᠭᠲᠡᠢ᠃ | ᠲᠠᠪᠤᠳᠤᠭᠠᠷ ᠲᠤ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠪᠠ ᠳᠤᠮᠳᠠᠳᠤ ᠶᠢᠨ ᠰᠣᠶᠣᠯ ᠤᠨ | ᠨᠥᠯᠥᠭᠡᠯᠡᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠣᠳᠣᠬᠠᠨ ᠳᠤ ᠳᠡᠯᠡᠬᠡᠢ ᠳ᠋ᠠᠬᠢᠨ ᠤ | ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠤᠯᠤᠰ ᠤᠨ ᠰᠣᠶᠣᠯ ᠤᠨ | ᠨᠥᠯᠥᠭᠡᠯᠡᠬᠦ ᠬᠦᠴᠦᠨ ᠤ ᠥᠷᠢᠰᠦᠯᠳᠦᠭᠡᠨ ᠴᠦ ᠡᠳᠦᠷ ᠢᠷᠡᠬᠦᠶ᠎ᠡ ᠰᠢᠷᠦᠭᠦᠰᠴᠦ ᠪᠠᠶᠢᠨ᠎ᠠ᠃ ᠬᠠᠷᠢᠭᠤᠴᠠᠯᠭ᠎ᠠ ᠲᠠᠢ | ᠲᠣᠮᠣ ᠤᠯᠤᠰ ᠪᠣᠯᠤᠭᠰᠠᠨ ᠤ ᠬᠤᠪᠢ ᠳᠤ ᠪᠢᠳᠡ ᠡᠷᠬᠡᠪᠰᠢ ᠳᠤᠮᠳᠠᠳᠤ ᠤᠯᠤᠰ ᠤᠨ ᠵᠣᠷᠢᠯᠲᠠ ᠶᠢ ᠨᠡᠩ | ᠰᠠᠨᠠᠭᠠᠴᠢᠯᠠᠭ᠎ᠠ ᠠᠴᠠ ᠪᠠᠨ ᠤᠬᠠᠭᠤᠯᠤᠨ ᠲᠠᠨᠢᠯᠴᠠᠭᠤᠯᠵᠤ᠂ ᠳᠤᠮᠳᠠᠳᠤ ᠶᠢᠨ ᠰᠣᠶᠣᠯ ᠢ ᠳᠠᠮᠵᠢᠭᠤᠯᠵᠤ᠂ ᠳᠤᠮᠳᠠᠳᠤ | ᠤᠯᠤᠰ ᠤᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃ ᠤᠯᠠᠨ ᠤᠯᠤᠰ ᠤᠨ ᠳᠠᠮᠵᠢᠭᠤᠯᠭ᠎ᠠ ᠶᠢᠨ ᠪᠠᠶᠢᠷᠢᠰᠢᠯ ᠢ | ᠲᠠᠭᠢᠨ ᠪᠠᠶᠢᠭᠤᠯᠬᠤ ᠶᠢ ᠠᠬᠢᠭᠤᠯᠵᠤ᠂ ᠤᠯᠠᠨ ᠠᠷᠭ᠎ᠠ ᠵᠠᠮ᠂ ᠪᠣᠰᠤᠭ᠎ᠠ ᠴᠣᠭᠴᠠᠲᠤ ᠮᠠᠶ᠋ᠢᠭ ᠤᠨ ᠭᠠᠳᠠᠭᠠᠳᠤ | ᠳᠠᠮᠵᠢᠭᠤᠯᠭ᠎ᠠ ᠶᠢᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠰᠣᠶᠣᠯ ᠢᠶᠠᠷ ᠳᠡᠯᠡᠬᠡᠢ ᠳ᠋ᠠᠬᠢᠨ ᠲᠠᠢ ᠶᠠᠷᠢᠯᠴᠠᠭ᠎ᠠ ᠬᠢᠬᠦ | ᠣᠶᠢᠯᠠᠭᠠᠭᠳᠠᠬᠤᠨ ᠢ ᠴᠢᠩᠭᠠᠳᠬᠠᠵᠤ᠂ ᠤᠯᠠᠨ ᠶᠠᠩᠵᠤ ᠭᠡᠯᠪᠡᠷᠢ ᠶᠢᠨ ᠤᠯᠠᠨ ᠤᠯᠤᠰ ᠤᠨ ᠰᠣᠶᠣᠯ ᠢᠷᠭᠡᠨᠰᠢᠯ ᠤᠨ | ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠢ᠃ ᠬᠥᠮᠥᠨ ᠲᠥᠷᠥᠯᠬᠢᠲᠡᠨ ᠤ ᠠᠯᠢᠪᠠ | ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠨᠡᠩ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠤᠷᠤᠯᠴᠠᠨ ᠲᠣᠯᠢ | ᠪᠤᠯᠭᠠᠵᠤ᠂ ᠡᠷᠲᠡᠨ ᠡᠳᠦᠭᠡᠬᠢ ᠶᠢ ᠠᠭᠤᠰᠬᠠᠬᠤ᠂ ᠳᠤᠮᠳᠠᠳᠤ ᠭᠠᠳᠠᠭᠠᠳᠤ ᠶᠢ ᠨᠡᠪᠲᠡᠷᠡᠭᠦᠯᠬᠦ ᠨᠢᠭᠡ ᠪᠦᠯᠦᠭ | ᠰᠣᠶᠣᠯ ᠤᠨ ᠦᠷ᠎ᠡ ᠪᠦᠲᠦᠭᠡᠯ ᠢ ᠡᠭᠦᠳᠦᠨ ᠪᠦᠲᠦᠭᠡᠬᠦ ᠬᠡᠷᠡᠭᠲᠡᠢ᠃ | ᠵᠣᠬᠢᠶᠠᠯ ᠳᠤ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠪᠦᠭᠦ ᠨᠠᠮ ᠪᠦᠭᠦ ᠨᠡᠶᠢᠭᠡᠮ ᠤᠨ | ᠬᠠᠮᠲᠤ ᠶᠢᠨ ᠡᠭᠦᠷᠭᠡ ᠮᠥᠨ᠃ ᠨᠠᠮ ᠤᠨ ᠲᠥᠪ ᠬᠤᠷᠢᠶ᠎ᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ | ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠰᠣᠶᠣᠯ ᠤᠨ ᠪᠠᠶᠢᠭᠤᠯᠤᠯᠲᠠ ᠶᠢ | ᠤᠳᠤᠷᠢᠳᠤᠨ ᠬᠠᠮᠢᠶᠠᠷᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠰᠣᠶᠣᠯ ᠤᠨ ᠪᠠᠶᠢᠭᠤᠯᠤᠯᠲᠠ ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠵᠣᠬᠢᠶᠠᠨ | ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠨ᠂ ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | |