ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 15 ᠤ ᠴᠠᠭᠢᠯᠭᠠᠨ ᠮᠡᠳᠡᠭᠡ 4 ᠰᠠᠷ᠎ᠠ ᠶᠢᠨ 15 ᠤ | ᠦᠳᠡ ᠶᠢᠨ ᠡᠮᠦᠨ᠎ᠡ᠂ ᠸᠢᠶᠧᠲᠨᠠᠮ ᠳᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠪᠠᠨ ᠳᠠᠭᠤᠰᠬᠠᠬᠤ ᠭᠡᠵᠦ | ᠪᠠᠶᠢᠭ᠎ᠠ ᠦᠶ᠎ᠡ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ ᠰᠦ᠋ ᠯᠢᠨ ᠲᠠᠢ ᠠᠶᠠᠷᠯᠠᠪᠠ᠃ | ᠰᠢ ᠶᠢᠨ ᠫᠢᠩ᠂ ᠡᠨᠡ ᠤᠳᠠᠭ᠎ᠠ ᠶᠢᠨ ᠠᠶᠢᠯᠴᠢᠯᠠᠯᠲᠠ ᠬᠡᠳᠦᠢ ᠪᠠᠷ ᠴᠠᠭ ᠨᠢ ᠣᠬᠤᠷ ᠪᠤᠯᠪᠠᠴᠤ ᠠᠵᠢᠯᠯᠠᠭ᠎ᠠ | ᠪᠠᠶᠠᠯᠢᠭ᠂ ᠦᠷ᠎ᠡ ᠪᠦᠲᠦᠭᠡᠯ ᠦᠯᠡᠮᠵᠢ᠃ ᠬᠤᠶᠠᠷ ᠲᠠᠯ᠎ᠠ ᠪᠠᠷ ᠢᠶᠠᠨ ᠳᠡᠯᠡᠬᠡᠢ ᠶᠢᠨ ᠨᠡᠶᠢᠭᠡᠮ ᠵᠢᠷᠤᠮ ᠤᠨ ᠠᠵᠢᠯ | ᠦᠢᠯᠡᠰ ᠢ ᠬᠠᠮᠲᠤ ᠪᠠᠷ ᠪᠤᠵᠠᠭᠠᠶᠢᠷᠠᠭᠤᠯᠬᠤ ᠤᠯᠤᠰ ᠲᠦᠷᠦ ᠶᠢᠨ ᠬᠦᠰᠡᠯ ᠰᠠᠨᠠᠭ᠎ᠠ ᠪᠠᠨ ᠳᠠᠪᠲᠠᠨ ᠴᠢᠬᠤᠯᠠᠴᠢᠯᠠᠵᠤ᠂ | ᠴᠥᠮ ︽ᠵᠢᠷᠭᠤᠭᠠᠨ ᠨᠡᠩ ᠪᠠᠶᠢᠬᠤ︾ ᠶᠢᠨ ᠶᠡᠷᠦᠩᠬᠡᠢ ᠬᠠᠷᠠᠯᠲᠠ ᠲᠡᠶᠢᠰᠢ ᠬᠤᠶᠠᠷ ᠤᠯᠤᠰ ᠤᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭ᠎ᠠ ᠶᠢ ᠪᠦᠭᠦ ᠲᠠᠯ᠎ᠠ ᠪᠠᠷ ᠠᠬᠢᠭᠤᠯᠬᠤ ᠶᠢ ᠬᠦᠰᠡᠨ ᠬᠦᠯᠢᠶᠡᠵᠦ ᠪᠠᠶᠢᠨ᠎ᠠ᠂ ᠴᠥᠮ | ᠭᠠᠳᠠᠭᠠᠳᠤ ᠶᠢᠨ ᠠᠶᠤᠯ ᠲᠦᠭᠰᠢᠭᠦᠷᠢ ᠪᠠ ᠥᠷᠢᠰᠦᠯᠳᠦᠭᠡᠨ ᠢ ᠡᠰᠡᠷᠭᠦᠴᠡᠨ ᠬᠤᠷᠢᠭᠯᠠᠵᠤ᠂ ᠭᠠᠵᠠᠷ ᠣᠷᠣᠨ ᠤ ᠡᠩᠬᠡ | ᠲᠠᠶᠢᠪᠤᠩ ᠲᠣᠭᠲᠠᠭᠤᠨ ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ | ᠢᠯᠡᠳᠬᠡᠵᠡᠢ᠃ ᠪᠢ ᠳᠤᠮᠳᠠᠳᠤ ᠸᠢᠶᠧᠲᠨᠠᠮ ᠤᠨ ᠬᠠᠷᠢᠯᠴᠠᠭᠠᠨ ᠤ ᠬᠥᠭᠵᠢᠯᠲᠡ ᠶᠢᠨ ᠢᠷᠡᠭᠡᠳᠦᠢ ᠳᠤ ᠢᠲᠡᠭᠡᠯ | ᠳᠦᠭᠦᠷᠡᠩ ᠪᠠᠶᠢᠨ᠎ᠠ᠃ ᠬᠤᠶᠠᠷ ᠲᠠᠯ᠎ᠠ ᠪᠠᠷ ᠢᠶᠠᠨ ᠡᠨᠡ ᠤᠳᠠᠭ᠎ᠠ ᠶᠢᠨ ᠠᠶᠢᠯᠴᠢᠯᠠᠯᠲᠠ ᠶᠢᠨ ᠦᠷ᠎ᠡ ᠪᠦᠲᠦᠭᠡᠯ ᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠶ᠎ᠠ ᠭᠡᠵᠦ ᠵᠢᠭᠠᠵᠤ ᠭᠠᠷᠭᠠᠪᠠ᠃ | ᠰᠦ᠋ ᠯᠢᠨ᠂ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠡᠨᠡ ᠤᠳᠠᠭ᠎ᠠ ᠶᠢᠨ | ᠠᠶᠢᠯᠴᠢᠯᠠᠯᠲᠠ ᠦᠯᠡᠮᠵᠢ ᠦᠷ᠎ᠡ ᠪᠦᠲᠦᠭᠡᠯ ᠣᠯᠵᠤ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠠᠩᠬᠠᠷᠴᠤ ᠪᠠᠶᠢᠭ᠎ᠠ | ᠴᠢᠬᠤᠯᠠ ᠶᠡᠭᠡ ᠪᠦᠭᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠤᠨ ᠲᠤᠬᠠᠢ | ᠭᠦᠨᠵᠡᠭᠡᠢ ᠣᠯᠣᠯᠴᠠᠵᠤ᠂ ᠠᠯᠢ ᠤᠯᠠᠨ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠤ᠂ ᠬᠤᠶᠠᠷ ᠨᠠᠮ ᠬᠤᠶᠠᠷ | ᠤᠯᠤᠰ ᠤᠨ ᠬᠤᠭᠤᠷᠣᠨᠳᠣᠭᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠬᠦᠴᠦᠲᠡᠢ ᠠᠬᠢᠭᠤᠯᠵᠤ᠂ | ᠸᠢᠶᠧᠲᠨᠠᠮ ᠤᠨ ᠲᠠᠯ᠎ᠠ ᠶᠢᠨ ᠠᠶᠤᠯ ᠲᠦᠭᠰᠢᠭᠦᠷᠢ ᠪᠠ ᠥᠷᠢᠰᠦᠯᠳᠦᠭᠡᠨ ᠢ ᠢᠯᠠᠬᠤ ᠢᠲᠡᠭᠡᠯ ᠢ ᠨᠡᠮᠡᠭᠳᠡᠭᠦᠯᠦᠭᠰᠡᠨ | ᠪᠥᠭᠡᠳ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠢ ᠰᠢᠨ᠎ᠡ ᠥᠨᠳᠥᠷᠴᠡ ᠳᠤ ᠬᠦᠷᠭᠡᠬᠦ ᠶᠤᠮ᠃ | ᠸᠢᠶᠧᠲᠨᠠᠮ ᠤᠨ ᠲᠠᠯ᠎ᠠ ᠶᠢᠨ ᠬᠢᠨ ᠠᠶᠢᠯᠴᠢᠯᠠᠯᠲᠠ ᠶᠢᠨ ᠦᠷ᠎ᠡ ᠪᠦᠲᠦᠭᠡᠯ ᠢ ᠢᠳᠡᠪᠬᠢᠲᠡᠢ ᠨᠠᠶᠢᠳᠠᠪᠤᠷᠢᠵᠢᠭᠤᠯᠵᠤ᠂ | ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠵᠤ᠂ ᠬᠤᠶᠠᠷ | ᠤᠯᠤᠰ ᠤᠨ ᠬᠠᠮᠲᠤ ᠪᠠᠷ ᠴᠡᠴᠡᠭᠯᠡᠨ ᠬᠥᠭᠵᠢᠬᠦ ᠢᠷᠡᠭᠡᠳᠦᠢ ᠶᠢ ᠴᠣᠭᠴᠠᠯᠠᠨ᠎ᠠ ᠭᠡᠵᠦ ᠢᠯᠡᠳᠬᠡᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃ | |