ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ | ᠡᠳᠦᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠬᠠᠨᠤᠢ ᠳᠤ ᠬᠦᠷᠴᠦ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ | ᠲᠠᠰᠢᠷᠠᠮ ᠢᠶᠠᠷ ᠸᠢᠶᠧᠲᠨᠠᠮ ᠤᠨ ︽ᠠᠷᠠᠳ ᠤᠨ ᠰᠣᠨᠢᠨ︾ ᠳᠡᠭᠡᠷ᠎ᠡ ︽ᠵᠣᠷᠢᠭ ᠨᠢᠭᠡᠲᠡᠢ ᠵᠣᠷᠢᠯᠲᠠ ᠠᠳᠠᠯᠢ ᠭᠠᠷ | ᠬᠤᠯᠪᠣᠨ ᠤᠷᠤᠭᠰᠢᠯᠠᠵᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠦᠷᠭᠦᠯᠵᠢᠯᠡᠨ ᠰᠢᠨ᠎ᠡ | ᠬᠠᠭᠤᠳᠠᠰᠤ ᠶᠢ ᠪᠢᠴᠢᠭᠯᠡᠶ᠎ᠡ︾ ᠭᠡᠬᠦ ᠭᠠᠷᠴᠠᠭ ᠲᠠᠢ ᠨᠡᠷ᠎ᠡ ᠬᠠᠲᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠭᠦ | ᠠᠭᠤᠯᠭ᠎ᠠ ᠨᠢ ᠳᠣᠣᠷᠠᠬᠢ ᠮᠡᠲᠦ᠄ | | | ᠵᠣᠷᠢᠭ ᠨᠢᠭᠡᠲᠡᠢ ᠵᠣᠷᠢᠯᠲᠠ ᠠᠳᠠᠯᠢ ᠭᠠᠷ ᠬᠤᠯᠪᠣᠨ ᠤᠷᠤᠭᠰᠢᠯᠠᠵᠤ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠦᠷᠭᠦᠯᠵᠢᠯᠡᠨ ᠰᠢᠨ᠎ᠡ ᠬᠠᠭᠤᠳᠠᠰᠤ ᠶᠢ | ᠪᠢᠴᠢᠭᠯᠡᠶ᠎ᠡ | | ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | | ᠬᠠᠪᠤᠷ ᠤᠨ ᠰᠡᠭᠦᠯᠴᠢ ᠪᠣᠯᠵᠤ᠂ ᠠᠯᠢᠪᠠ ᠪᠦᠭᠦᠨ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠳᠤᠮᠳᠠᠳᠤ | ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠬᠦᠷᠴᠦ ᠢᠷᠡᠬᠦ ᠲᠠᠰᠢᠷᠠᠮ ᠢᠶᠠᠷ | ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠨᠥᠬᠦᠷ ᠪᠣᠯᠣᠨ | ᠸᠢᠶᠧᠲᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠨᠥᠬᠦᠷ ᠤᠨ ᠤᠷᠢᠯᠭ᠎ᠠ ᠪᠠᠷ ᠪᠢ ᠸᠢᠶᠧᠲᠨᠠᠮ ᠳᠤ | ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠪᠠᠶᠢᠨ᠎ᠠ᠃ ᠡᠨᠡ ᠪᠣᠯ ᠮᠢᠨᠤ ᠲᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ ᠳᠥᠷᠪᠡᠳᠡᠬᠢ ᠤᠳᠠᠭ᠎ᠠ ᠡᠨᠡ ᠬᠦ ᠦᠵᠡᠰᠬᠦᠯᠡᠩᠲᠦ | ᠰᠠᠶᠢᠬᠠᠨ ᠨᠤᠲᠤᠭ ᠳᠡᠪᠢᠰᠬᠡᠷ ᠲᠤ ᠠᠶᠢᠯᠴᠢᠯᠠᠬᠤ ᠶᠠᠪᠤᠳᠠᠯ ᠪᠣᠯᠣᠨ᠎ᠠ᠃ ᠪᠢ ᠸᠢᠶᠧᠲᠨᠠᠮ ᠤᠨ ᠤᠳᠤᠷᠢᠳᠬᠤ | ᠬᠥᠮᠥᠰ ᠲᠠᠢ ᠨᠥᠬᠦᠷᠯᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠬᠠᠮᠲᠤᠷᠠᠯᠴᠠᠭ᠎ᠠ ᠪᠠᠨ ᠬᠠᠮᠲᠤ ᠪᠠᠷ ᠵᠥᠪᠳᠡᠯᠴᠡᠵᠦ᠂ | ᠰᠢᠨ᠎ᠡ ᠴᠠᠭ ᠦᠶ᠎ᠡ ᠶᠢᠨ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠰᠢᠨ᠎ᠡ ᠵᠢᠷᠤᠭ ᠲᠥᠰᠥᠪ ᠢ ᠵᠢᠷᠤᠭᠯᠠᠬᠤ ᠶᠢ ᠬᠦᠰᠡᠵᠦ ᠪᠠᠶᠢᠨ᠎ᠠ᠃ | | ᠳᠤᠮᠳᠠᠳᠤ ᠤᠯᠤᠰ ᠪᠣᠯᠣᠨ ᠸᠢᠶᠧᠲᠨᠠᠮ ᠪᠣᠯ ᠨᠡᠶᠢᠭᠡᠮ ᠵᠢᠷᠤᠮ ᠤᠨ ᠨᠥᠭᠦᠷᠰᠡᠭ ᠬᠥᠷᠰᠢ ᠤᠯᠤᠰ ᠮᠥᠨ᠂ | ᠬᠠᠮᠲᠤ ᠶᠢᠨ ᠬᠦᠰᠡᠯᠡᠩ ᠢᠲᠡᠭᠡᠯ ᠪᠢᠰᠢᠷᠡᠯ ᠪᠠ ᠥᠷᠭᠡᠨ ᠳᠡᠯᠭᠡᠷ ᠪᠠᠶᠢᠯᠳᠤᠬᠤ ᠪᠣᠳᠣᠯᠭ᠎ᠠ ᠶᠢᠨ ᠠᠰᠢᠭ ᠲᠤᠰᠠ ᠲᠠᠢ | ᠶᠤᠮ᠃ ᠲᠤᠰ ᠲᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ ᠵᠠᠮ ᠢ ᠰᠦᠪᠡᠭᠴᠢᠯᠡᠬᠦ | ᠪᠠ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠠᠪᠤᠴᠠ ᠳᠤ ᠬᠤᠶᠠᠷ ᠨᠠᠮ ᠬᠤᠶᠠᠷ | ᠤᠯᠤᠰ ᠤᠨ ᠠᠷᠠᠳ ᠲᠦᠮᠡᠨ ᠤ ᠡᠷᠲᠡ ᠦᠶ᠎ᠡ ᠠᠴᠠ ᠪᠠᠶᠢᠭᠤᠯᠤᠭᠰᠠᠨ ᠭᠦᠨ ᠵᠤᠵᠠᠭᠠᠨ ᠨᠥᠬᠦᠷᠯᠡᠯ ᠲᠠᠰᠤᠷᠠᠯᠲᠠ | ᠦᠭᠡᠢ ᠭᠦᠨᠵᠡᠭᠡᠶᠢᠷᠡᠪᠡ᠃ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠲᠨᠠᠮ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠬᠤᠶᠠᠷ ᠤᠯᠤᠰ ᠤᠨ ᠬᠠᠮᠲᠤ ᠶᠢᠨ ᠠᠰᠢᠭ | ᠲᠤᠰᠠ ᠲᠠᠢ ᠨᠡᠶᠢᠴᠡᠵᠦ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ | ᠬᠥᠭᠵᠢᠯ ᠴᠡᠴᠡᠭᠯᠡᠯ ᠳᠤ ᠠᠰᠢᠭᠲᠠᠢ ᠪᠠᠶᠢᠵᠤ᠂ ᠲᠡᠦᠬᠡ ᠶᠢᠨ ᠰᠣᠩᠭᠤᠯᠲᠠ᠂ ᠠᠷᠠᠳ ᠲᠦᠮᠡᠨ ᠤ ᠰᠣᠩᠭᠤᠯᠲᠠ | ᠪᠣᠯᠣᠨ᠎ᠠ᠃ | | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠢᠯᠡ ᠲᠣᠳᠣ ᠬᠤᠪᠢᠰᠬᠠᠯ ᠤᠨ | ᠤᠳᠤᠮᠰᠢᠯ ᠢ ᠵᠠᠯᠭᠠᠮᠵᠢᠯᠠᠪᠠ᠃ ᠬᠤᠶᠠᠷ ᠤᠯᠤᠰ ᠤᠨ ᠬᠤᠪᠢᠰᠬᠠᠯ ᠤᠨ ᠤᠷᠢᠳᠤᠰ ᠭᠠᠷ ᠬᠤᠯᠪᠣᠨ ᠤᠯᠤᠰ | ᠭᠦᠷᠦᠨ ᠢᠶᠠᠨ ᠮᠥᠬᠦᠯ ᠠᠴᠠ ᠠᠪᠤᠷᠠᠬᠤ ᠵᠠᠮ ᠢ ᠡᠷᠢᠯᠬᠢᠯᠡᠵᠦ᠂ ᠳᠡᠯᠡᠬᠡᠢ ᠳ᠋ᠠᠬᠢᠨ ᠤ ᠺᠣᠯᠣᠨᠢᠴᠢᠯᠠᠬᠤ ᠦᠵᠡᠯ᠂ | ᠡᠵᠡᠷᠬᠡᠭ ᠲᠦᠷᠢᠮᠡᠬᠡᠢ ᠶᠣᠰᠣ ᠶᠢ ᠡᠰᠡᠷᠭᠦᠴᠡᠬᠦ ᠲᠡᠮᠡᠴᠡᠯ ᠤᠨ ᠢᠯᠠᠯᠲᠠ ᠶᠢ ᠣᠯᠬᠤ ᠳᠤ ᠴᠢᠬᠤᠯᠠ ᠬᠤᠪᠢ ᠨᠡᠮᠡᠷᠢ | ᠦᠵᠡᠭᠦᠯᠪᠡ᠃ ᠳᠤᠮᠳᠠᠳᠤ ᠤᠯᠤᠰ ᠤᠨ ᠭᠤᠸᠠᠩᠵᠧᠦ ᠳᠠᠬᠢ ᠸᠢᠶᠧᠲᠨᠠᠮ ᠤᠨ ᠵᠠᠯᠠᠭᠤᠴᠤᠳ ᠤᠨ ᠬᠤᠪᠢᠰᠬᠠᠯᠲᠤ | ᠨᠥᠬᠦᠳ ᠤᠨ ᠬᠤᠷᠠᠯ᠂ ᠭᠤᠸᠠᠩᠰᠢ ᠶᠢᠨ ᠵᠢᠩᠰᠢ ᠶᠢᠨ ︽ᠸᠢᠶᠧᠲᠨᠠᠮ ᠤᠨ ᠬᠤᠯᠪᠤᠭ᠎ᠠ︾ ᠶᠢᠨ ᠬᠡᠷᠡᠭ ᠡᠷᠭᠢᠯᠡᠭᠦ | ᠭᠠᠵᠠᠷ ᠵᠡᠷᠭᠡ ᠬᠤᠪᠢᠰᠬᠠᠯ ᠤᠨ ᠬᠠᠭᠤᠴᠢᠨ ᠪᠠᠭᠤᠷᠢ ᠪᠣᠯ ᠳᠤᠮᠳᠠᠳᠤ ᠸᠢᠶᠧᠲᠨᠠᠮ ᠤᠨ ᠬᠤᠪᠢᠰᠬᠠᠯ ᠤᠨ | ᠨᠥᠬᠦᠷᠯᠡᠯ ᠤᠨ ᠲᠡᠦᠬᠡ ᠶᠢᠨ ᠭᠡᠷᠡᠴᠢ ᠪᠣᠯᠣᠨ᠎ᠠ᠃ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ | ᠳᠠᠶᠢᠨ ᠤ ᠦᠶ᠎ᠡ ᠳᠤ ᠲᠡᠷᠢᠭᠦᠯᠡᠭᠴᠢ ᠬᠤ᠋ ᡁᠢ ᠮᠢᠩ ᠤᠷᠢᠳ ᠬᠤᠵᠢᠳ ᠶᠠᠨ ᠠᠨ᠂ ᠭᠦᠢᠯᠢᠨ᠂ ᠴᠦᠩᠴᠢᠩ᠂ | ᠺᠦᠨᠮᠢᠩ ᠵᠡᠷᠭᠡ ᠭᠠᠵᠠᠷ ᠲᠤ ᠳᠤᠮᠳᠠᠳᠤ ᠤᠯᠤᠰ ᠤᠨ ᠶᠠᠫᠤᠨ ᠢ ᠡᠰᠡᠷᠭᠦᠴᠡᠬᠦ ᠳᠠᠶᠢᠨ ᠳᠤ ᠣᠷᠣᠯᠴᠠᠵᠤ ᠳᠡᠮᠵᠢᠭᠰᠡᠨ | ᠪᠠᠶᠢᠨ᠎ᠠ᠃ ᠳᠤᠮᠳᠠᠳᠤ ᠤᠯᠤᠰ ᠴᠡᠷᠢᠭ ᠤᠨ ᠶᠠᠪᠤᠳᠠᠯ ᠤᠨ ᠵᠥᠪᠯᠡᠭᠴᠢ ᠶᠢᠨ ᠪᠦᠯᠭᠦᠮ ᠪᠣᠯᠣᠨ ᠤᠯᠤᠰ ᠲᠦᠷᠦ ᠶᠢᠨ | ᠵᠥᠪᠯᠡᠭᠴᠢ ᠶᠢᠨ ᠪᠦᠯᠭᠦᠮ ᠲᠣᠮᠢᠯᠠᠵᠤ ᠸᠢᠶᠧᠲᠨᠠᠮ ᠤᠨ ᠠᠷᠠᠳ ᠲᠦᠮᠡᠨ ᠤ ᠹᠷᠠᠨᠼᠢ ᠶᠢ ᠡᠰᠡᠷᠭᠦᠴᠡᠬᠦ ᠲᠡᠮᠡᠴᠡᠯ ᠢ | ᠳᠡᠮᠵᠢᠵᠦ᠂ ᠳᠤᠮᠳᠠᠳᠤ ᠤᠯᠤᠰ ᠤᠨ ᠨᠠᠮ᠂ ᠵᠠᠰᠠᠭ ᠤᠨ ᠣᠷᠳᠣᠨ ᠪᠣᠯᠣᠨ ᠠᠷᠠᠳ ᠲᠦᠮᠡᠨ ᠸᠢᠶᠧᠲᠨᠠᠮ ᠤᠨ | ᠠᠮᠧᠷᠢᠺᠠ ᠶᠢ ᠡᠰᠡᠷᠭᠦᠴᠡᠵᠦ ᠤᠯᠤᠰ ᠢᠶᠠᠨ ᠠᠪᠤᠷᠠᠬᠤ ᠰᠢᠳᠤᠷᠭᠤ ᠶᠣᠰᠣᠨ ᠤ ᠦᠢᠯᠡᠰ ᠢ ᠪᠦᠭᠦ ᠬᠦᠴᠦ ᠪᠠᠷ ᠢᠶᠠᠨ | ᠳᠡᠮᠵᠢᠪᠡ᠃ ︽ᠸᠢᠶᠧᠲᠨᠠᠮ ᠳᠤᠮᠳᠠᠳᠤ ᠶᠢᠨ ᠨᠥᠬᠦᠷᠯᠡᠯ ᠭᠦᠨ ᠵᠤᠵᠠᠭᠠᠨ᠂ ᠨᠥᠬᠦᠷ ᠪᠥᠭᠡᠳ ᠠᠬ᠎ᠠ ᠳᠡᠭᠦᠦ︾ ᠨᠢ | ᠥᠨᠢᠳᠡ ᠪᠠᠯᠠᠷᠠᠰᠢ ᠦᠭᠡᠢ ᠬᠤᠪᠢᠰᠬᠠᠯ ᠤᠨ ᠳᠤᠷᠠᠰᠤᠮᠵᠢ ᠪᠣᠯᠪᠠ᠃ | | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠭᠦᠨ ᠵᠤᠵᠠᠭᠠᠨ ᠤᠯᠤᠰ | ᠲᠦᠷᠦ ᠶᠢᠨ ᠢᠲᠡᠭᠡᠯᠴᠡᠭᠡ ᠠᠴᠠ ᠡᠭᠦᠰᠦᠯ ᠲᠠᠢ᠃ ᠣᠶᠢᠷ᠎ᠠ ᠶᠢᠨ ᠵᠢᠯ ᠤᠨ ᠲᠤᠷᠰᠢ ᠪᠢ ᠷᠤᠸᠠᠨ ᠹᠦ᠋ ᠵᠦᠩ | ᠶᠡᠷᠦᠩᠬᠡᠢ ᠱᠦᠵᠢ᠂ ᠰᠦ᠋ ᠯᠢᠨ ᠶᠡᠷᠦᠩᠬᠡᠢ ᠱᠦᠵᠢ ᠵᠡᠷᠭᠡ ᠸᠢᠶᠧᠲᠨᠠᠮ ᠤᠨ ᠤᠳᠤᠷᠢᠳᠬᠤ ᠬᠥᠮᠥᠰ ᠲᠠᠢ ᠤᠯᠠᠨ | ᠤᠳᠠᠭ᠎ᠠ ᠬᠠᠷᠢᠯᠴᠠᠨ ᠠᠶᠢᠯᠴᠢᠯᠠᠵᠤ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠳᠤ ᠴᠢᠭᠯᠡᠯ ᠢ ᠲᠣᠭᠲᠠᠭᠠᠨ ᠵᠠᠯᠠᠭᠤᠷ ᠢ ᠡᠵᠡᠮᠳᠡᠵᠦ ᠥᠭᠴᠡᠢ᠃ ᠬᠤᠶᠠᠷ ᠨᠠᠮ ᠬᠤᠶᠠᠷ ᠤᠯᠤᠰ ᠤᠨ | ᠳᠡᠭᠡᠳᠦ ᠳᠠᠪᠬᠤᠷᠭ᠎ᠠ ᠶᠢᠨ ᠬᠢᠨ ᠬᠠᠷᠢᠯᠴᠠᠨ ᠨᠢᠭᠲᠠ ᠬᠥᠳᠡᠯᠦᠯᠴᠡᠵᠦ᠂ ᠳᠤᠮᠳᠠᠳᠤ ᠸᠢᠶᠧᠲᠨᠠᠮ ᠤᠨ ᠬᠤᠶᠠᠷ | ᠲᠠᠯ᠎ᠠ ᠶᠢᠨ ᠬᠠᠮᠲᠤᠷᠠᠯᠴᠠᠭᠠᠨ ᠤ ᠵᠢᠯᠤᠭᠤᠳᠬᠤ ᠵᠥᠪᠯᠡᠯ᠂ ᠬᠤᠶᠠᠷ ᠨᠠᠮ ᠤᠨ ᠤᠨᠤᠯ ᠤᠨ ᠰᠤᠳᠤᠯᠤᠨ ᠶᠠᠷᠢᠯᠴᠠᠬᠤ | ᠬᠤᠷᠠᠯ᠂ ᠬᠢᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠨᠥᠭᠦᠷᠰᠡᠭ ᠰᠣᠯᠢᠯᠴᠠᠭ᠎ᠠ᠂ ᠬᠤᠶᠠᠷ ᠤᠯᠤᠰ ᠤᠨ | ᠳᠣᠲᠣᠭᠠᠳᠤ ᠶᠢ ᠬᠠᠮᠠᠭᠠᠯᠠᠬᠤ ᠶᠠᠮᠤᠨ ᠤ ᠬᠠᠮᠲᠤᠷᠠᠯᠴᠠᠵᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠬᠤᠷᠠᠯ ᠵᠡᠷᠭᠡ | ᠲᠣᠭᠲᠠᠴᠠ ᠪᠦᠲᠦᠮᠵᠢᠲᠡᠢ ᠠᠵᠢᠯᠯᠠᠵᠤ᠂ ᠬᠤᠶᠠᠷ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠮᠵᠢ ᠶᠢᠨ | ᠬᠤᠯᠪᠣᠭᠠᠲᠤ ᠵᠥᠪᠯᠡᠯ ᠵᠡᠷᠭᠡ ᠳᠡᠭᠡᠳᠦ ᠲᠡᠰ ᠤᠨ ᠲᠣᠭᠲᠠᠴᠠ ᠪᠠᠶᠢᠭᠤᠯᠤᠭᠳᠠᠵᠤ᠂ ᠬᠤᠶᠠᠷ ᠤᠯᠤᠰ ᠤᠨ ᠭᠠᠳᠠᠭᠠᠳᠤ | ᠬᠠᠷᠢᠯᠴᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ᠂ ᠳᠣᠲᠣᠭᠠᠳᠤ ᠶᠢ ᠬᠠᠮᠠᠭᠠᠯᠠᠬᠤ ︽3 + 3︾ ᠪᠠᠶᠢᠯᠳᠤᠬᠤ | ᠪᠣᠳᠣᠯᠭ᠎ᠠ ᠶᠢᠨ ᠶᠠᠷᠢᠯᠴᠠᠭ᠎ᠠ ᠠᠮᠵᠢᠯᠲᠠ ᠲᠠᠢ ᠶᠠᠪᠤᠭᠳᠠᠪᠠ᠃ ᠳᠡᠯᠡᠬᠡᠢ ᠶᠢᠨ ᠪᠠ ᠭᠠᠵᠠᠷ ᠣᠷᠣᠨ ᠤ ᠮᠠᠰᠢ ᠤᠯᠠᠨ | ᠠᠰᠠᠭᠤᠳᠠᠯ ᠳᠡᠭᠡᠷ᠎ᠡ ᠳᠤᠮᠳᠠᠳᠤ ᠸᠢᠶᠧᠲᠨᠠᠮ ᠬᠤᠶᠠᠷ ᠤᠯᠤᠰ ᠤᠨ ᠵᠣᠭᠰᠣᠯᠲᠠ ᠠᠳᠠᠯᠢᠪᠲᠤᠷ᠂ ᠬᠠᠮᠵᠢᠯᠴᠠᠭ᠎ᠠ | ᠨᠢᠭᠲᠠ ᠪᠠᠶᠢᠳᠠᠭ᠃ | | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠭᠦᠨ ᠵᠤᠵᠠᠭᠠᠨ | ᠬᠠᠮᠲᠤᠷᠠᠯᠴᠠᠭᠠᠨ ᠤ ᠰᠢᠮᠡᠲᠦ ᠬᠥᠷᠥᠰᠥᠨ ᠳᠤ ᠦᠨᠳᠦᠰᠦᠯᠡᠭᠰᠡᠨ ᠶᠤᠮ᠃ ᠳᠡᠯᠡᠬᠡᠢ ᠶᠢᠨ ᠠᠵᠤ ᠠᠬᠤᠢ ᠶᠢᠨ | ᠰᠡᠷᠭᠦᠯᠲᠡ ᠬᠦᠴᠦᠨ ᠮᠡᠬᠦᠰᠳᠡᠵᠦ ᠪᠠᠶᠢᠭ᠎ᠠ ᠠᠬᠤᠢ ᠪᠠᠶᠢᠳᠠᠯ ᠳᠣᠣᠷ᠎ᠠ ᠳᠤᠮᠳᠠᠳᠤ ᠸᠢᠶᠧᠲᠨᠠᠮ ᠤᠨ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠨᠠᠩ ᠨᠢᠭᠲᠠ ᠪᠣᠯᠪᠠ᠃ ᠳᠤᠮᠳᠠᠳᠤ ᠤᠯᠤᠰ | 20 ᠭᠠᠷᠤᠢ ᠵᠢᠯ ᠳᠠᠷᠠᠭᠠᠯᠠᠨ ᠸᠢᠶᠧᠲᠨᠠᠮ ᠤᠨ ᠨᠢᠭᠡᠳᠦᠭᠡᠷ ᠲᠣᠮᠣ ᠠᠷᠠᠯᠵᠢᠶᠠᠨ ᠤ ᠬᠠᠨᠢᠲᠠᠨ ᠪᠣᠯᠵᠤ᠂ 2024 | ᠣᠨ ᠳᠤ ᠳᠤᠮᠳᠠᠳᠤ ᠸᠢᠶᠧᠲᠨᠠᠮ ᠤᠨ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ 2600 ᠳ᠋ᠦᠩᠰᠢᠭᠤᠷ | ᠳ᠋ᠣᠯᠯᠠᠷ ᠢ ᠳᠠᠪᠠᠵᠠᠢ᠃ ᠳ᠋ᠦᠷᠢᠦ᠂ ᠨᠠᠷᠭᠢᠯ ᠵᠡᠷᠭᠡ ᠸᠢᠶᠧᠲᠨᠠᠮ ᠤᠨ ᠨᠡᠩ ᠤᠯᠠᠨ ᠰᠢᠯᠢᠳᠡᠭ ᠲᠠᠷᠢᠶᠠᠯᠠᠩ ᠤᠨ | ᠪᠦᠲᠦᠭᠡᠭᠳᠡᠬᠦᠨ ᠳᠤᠮᠳᠠᠳᠤ ᠤᠯᠤᠰ ᠤᠨ ᠲᠦᠭ ᠲᠦᠮᠡᠨ ᠠᠶᠢᠯ ᠡᠷᠦᠭᠡ ᠳᠤ ᠣᠷᠣᠪᠠ᠃ ᠬᠤᠶᠠᠷ ᠤᠯᠤᠰ ᠤᠨ | ᠲᠡᠮᠦᠷ ᠵᠠᠮ ᠤᠨ ᠬᠤᠯᠪᠣᠯᠳᠤᠨ ᠨᠡᠪᠲᠡᠷᠡᠯᠴᠡᠬᠦ ᠪᠠ ᠣᠶᠤᠨᠲᠤ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠡᠮᠬᠢ | ᠵᠢᠷᠤᠮ ᠲᠠᠢ ᠠᠬᠢᠵᠤ᠂ ᠭᠡᠷᠡᠯᠴᠢ ᠴᠡᠨᠡᠭ᠂ ᠬᠤᠭ ᠨᠣᠪᠰᠢ ᠪᠠᠷ ᠴᠠᠭᠢᠯᠭᠠᠨ ᠭᠠᠷᠭᠠᠬᠤ ᠵᠡᠷᠭᠡ ᠴᠡᠪᠡᠷ ᠡᠨᠧᠷᠭᠢ ᠶᠢᠨ | ᠲᠥᠷᠥᠯ ᠵᠦᠢᠯ ᠨᠢ ᠸᠢᠶᠧᠲᠨᠠᠮ ᠤᠨ ᠴᠠᠭᠢᠯᠭᠠᠨ ᠬᠦᠴᠦᠨ ᠤ ᠬᠠᠩᠭᠠᠯᠭ᠎ᠠ ᠶᠢ ᠬᠦᠴᠦᠲᠡᠢ ᠪᠠᠲᠤᠯᠠᠵᠤ᠂ ᠳᠤᠮᠳᠠᠳᠤ | ᠤᠯᠤᠰ ᠤᠨ ᠠᠵᠤ ᠠᠬᠤᠶᠢᠯᠠᠯ ᠤᠨ ᠳᠠᠭᠠᠭᠠᠴᠢᠯᠠᠨ ᠪᠠᠶᠢᠭᠤᠯᠤᠭᠰᠠᠨ ᠬᠠᠨᠤᠢ ᠶᠢᠨ ᠬᠥᠩᠭᠡᠨ ᠵᠢᠮᠲᠦ ᠲᠡᠮᠦᠷ ᠵᠠᠮ ᠤᠨ | 2 ᠳ᠋ᠤᠭᠠᠷ ᠱᠤᠭᠤᠮ ᠨᠢ ᠬᠤᠲᠠ ᠶᠢᠨ ᠠᠷᠠᠳ ᠤᠨ ᠡᠳᠦᠷ ᠲᠤᠲᠤᠮ ᠤᠨ ᠶᠠᠪᠤᠵᠤ ᠰᠠᠭᠤᠬᠤ ᠳᠤ ᠲᠥᠭᠦᠮ | ᠦᠵᠡᠭᠦᠯᠪᠡ᠃ ᠳᠤᠮᠳᠠᠳᠤ ᠸᠢᠶᠧᠲᠨᠠᠮ ᠬᠤᠶᠠᠷ ᠤᠯᠤᠰ ᠬᠠᠷᠢᠯᠴᠠᠨ ᠠᠮᠵᠢᠯᠲᠠ ᠣᠯᠵᠤ᠂ ᠬᠠᠮᠲᠤ ᠪᠠᠷ ᠬᠥᠭᠵᠢᠵᠦ᠂ | ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢᠨ ᠤᠳᠬ᠎ᠠ | ᠠᠭᠤᠯᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠪᠠ᠃ | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠰᠣᠶᠣᠯ ᠢᠷᠭᠡᠨᠰᠢᠯ ᠤᠨ ᠨᠢᠭᠲᠠ | ᠰᠣᠯᠢᠯᠴᠠᠭ᠎ᠠ ᠪᠠᠷ ᠠᠭᠢᠭᠤᠯᠤᠬᠳᠠᠪᠠ᠃ ᠡᠳᠡᠭᠡᠷ ᠵᠢᠯ ᠤᠳ ᠲᠤ ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ | ᠰᠣᠯᠢᠯᠴᠠᠭ᠎ᠠ ᠶᠠᠪᠤᠬᠤ ᠳᠤᠳᠤᠮ ᠨᠢᠭᠲᠠᠷᠠᠨ ᠥᠷᠭᠡᠵᠢᠵᠦ᠂ ᠬᠤᠶᠠᠷ ᠤᠯᠤᠰ ᠤᠨ ᠠᠷᠠᠳ ᠲᠦᠮᠡᠨ ᠶᠠᠪᠤᠬᠤ ᠳᠤᠳᠤᠮ | ᠳᠣᠲᠣᠨᠣ ᠪᠣᠯᠪᠠ᠃ 2024 ᠣᠨ ᠳᠤ ᠳᠤᠮᠳᠠᠳᠤ ᠤᠯᠤᠰ ᠤᠨ ᠸᠢᠶᠧᠲᠨᠠᠮ ᠳᠤ ᠬᠦᠷᠴᠦ ᠵᠢᠭᠤᠯᠴᠢᠯᠠᠬᠰᠠᠳ 370 | ᠲᠦᠮᠡᠨ ᠬᠥᠮᠥᠨ ᠤᠳᠠᠭ᠎ᠠ ᠶᠢ ᠳᠠᠪᠠᠵᠤ᠂ ᠳ᠋ᠧ ᠲᠢᠶᠠᠨ ︵ ᠪᠠᠨ ᠶᠤᠸᠠᠢ︶ ᠬᠦᠷᠬᠢᠷ᠎ᠡ ᠶᠢᠨ ᠬᠢᠯᠢ ᠠᠯᠤᠰᠯᠠᠭᠰᠠᠨ | ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠵᠦ᠂ ᠬᠢᠯᠢ ᠠᠯᠤᠰᠯᠠᠭᠰᠠᠨ | ᠬᠤᠪᠢ ᠶᠢᠨ ᠮᠠᠰᠢᠨ ᠲᠡᠷᠭᠡ ᠪᠠᠨ ᠵᠢᠯᠤᠭᠤᠳᠴᠤ ᠵᠢᠭᠤᠯᠴᠢᠯᠠᠬᠤ ᠣᠯᠠᠨ ᠵᠠᠮ ᠱᠤᠭᠤᠮ ᠨᠡᠪᠲᠡᠷᠡᠵᠦ᠂ ︽ᠨᠢᠭᠡ ᠡᠳᠦᠷ | ᠬᠤᠶᠠᠷ ᠤᠯᠤᠰ ᠲᠤ ᠵᠢᠭᠤᠯᠴᠢᠯᠠᠬᠤ︾ ᠨᠢ ᠪᠣᠳᠠᠲᠤ ᠠᠬᠤᠢ ᠪᠣᠯᠵᠤ ᠪᠡᠶᠡᠯᠡᠭᠳᠡᠪᠡ᠃ ᠳᠤᠮᠳᠠᠳᠤ ᠤᠯᠤᠰ ᠤᠨ ᠺᠢᠨᠣ᠋ | ᠲᠧᠯᠸᠢᠰ ᠤᠨ ᠪᠦᠲᠦᠭᠡᠯ᠂ ᠡᠯᠧᠺᠲᠷᠣᠨ ᠲᠣᠭᠯᠠᠭᠠᠮ ᠨᠢ ᠸᠢᠶᠧᠲᠨᠠᠮ ᠤᠨ ᠵᠠᠯᠠᠭᠤᠴᠤᠳ ᠤᠨ ᠬᠠᠯᠠᠮᠰᠢᠯ ᠶᠠᠷᠢᠶᠠᠨ ᠤ | ᠰᠡᠳᠦᠪ ᠪᠣᠯᠵᠤ᠂ ᠸᠢᠶᠧᠲᠨᠠᠮ ᠤᠨ ︽ᠬᠢᠲᠠᠳ ᠬᠡᠯᠡᠨ ᠤ ᠬᠠᠯᠠᠮᠰᠢᠯ︾ ᠢ ᠲᠠᠰᠤᠷᠠᠯᠲᠠ ᠦᠭᠡᠢ ᠳᠠᠶᠢᠴᠢᠯᠠᠪᠠ᠃ | ᠸᠢᠶᠧᠲᠨᠠᠮ ᠤᠨ ᠴᠥᠭᠡᠨ ᠪᠤᠰᠤ ᠳᠠᠭᠤᠤ ᠬᠥᠭᠵᠢᠮ ᠨᠢ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠳᠤ ᠬᠠᠯᠠᠮᠰᠢᠯ | ᠮᠡᠳᠡᠭᠡ ᠪᠣᠯᠵᠤ᠂ ᠾᠧᠹᠧᠨ ᠵᠡᠷᠭᠡ ᠸᠢᠶᠧᠲᠨᠠᠮ ᠤᠨ ᠠᠮᠲᠠᠲᠤ ᠢᠳᠡᠭᠡᠨ ᠨᠢ ᠴᠥᠭᠡᠨ ᠪᠤᠰᠤ ᠳᠤᠮᠳᠠᠳᠤ ᠤᠯᠤᠰ ᠤᠨ | ᠠᠷᠠᠳ ᠤᠯᠠᠨ ᠳᠤ ᠲᠠᠭᠠᠰᠢᠶᠠᠭᠳᠠᠪᠠ᠃ | | ᠣᠳᠣᠬᠠᠨ ᠳᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ | ᠶᠠᠭ ᠤᠷᠢᠳ ᠡᠮᠦᠨ᠎ᠡ ᠪᠠᠶᠢᠭ᠎ᠠ ᠦᠭᠡᠢ ᠭᠡᠯᠪᠡᠷᠢ ᠪᠠᠷ ᠶᠠᠪᠤᠭᠳᠠᠵᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ | ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠲᠣᠯᠣᠭᠠᠢ | ᠥᠨᠳᠡᠶᠢᠵᠦ ᠪᠠᠶᠢᠭ᠎ᠠ ᠪᠠᠶᠢᠳᠠᠯ ᠳᠣᠣᠷ᠎ᠠ ᠳᠤᠮᠳᠠᠳᠤ ᠤᠯᠤᠰ ᠤᠨ ᠠᠵᠤ ᠠᠬᠤᠢ ᠬᠦᠴᠢᠷ ᠢ ᠰᠥᠷᠦᠨ ᠤᠷᠤᠭᠰᠢᠯᠠᠵᠤ᠂ | 2024 ᠣᠨ ᠳᠤ 5% ᠶᠢᠨ ᠨᠡᠮᠡᠭᠳᠡᠯ ᠢ ᠪᠡᠶᠡᠯᠡᠭᠦᠯᠵᠦ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠬᠤᠪᠢ | ᠨᠡᠮᠡᠷᠢ ᠦᠵᠡᠭᠦᠯᠦᠭᠰᠡᠨ ᠨᠤᠷᠮ᠎ᠠ 30% ᠣᠷᠴᠢᠮ ᠪᠠᠶᠢᠬᠤ ᠶᠢ ᠪᠠᠲᠤᠯᠠᠵᠤ᠂ ᠦᠷᠭᠦᠯᠵᠢᠯᠡᠨ ᠳᠡᠯᠡᠬᠡᠢ ᠶᠢᠨ ᠠᠵᠤ | ᠠᠬᠤᠢ ᠶᠢᠨ ᠴᠢᠬᠤᠯᠠ ᠬᠥᠳᠡᠯᠭᠡᠭᠦᠷ ᠪᠣᠯᠪᠠ᠃ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠠᠵᠤ ᠦᠢᠯᠡᠰ᠂ | ᠵᠣᠬᠢᠶᠠᠮᠠᠯ ᠣᠶᠤᠨ ᠴᠢᠳᠠᠪᠤᠷᠢ ᠪᠠ ᠺᠠᠷᠲ᠋ᠣᠨ ᠺᠢᠨᠣ᠋ ᠲᠧᠯᠸᠢᠰ ᠪᠦᠭᠦ ᠳᠡᠯᠡᠬᠡᠢ ᠶᠢᠨ ᠠᠩᠬᠠᠷᠤᠯ ᠢ ᠲᠠᠲᠠᠪᠠ᠃ | ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠳᠡᠯᠡᠬᠡᠢ ᠳ᠋ᠠᠬᠢᠨ ᠳᠤ ᠨᠡᠩ ᠤᠯᠠᠨ | ᠠᠵᠠ ᠲᠣᠭᠢᠶᠠᠯ ᠬᠠᠩᠭᠠᠬᠤ ᠶᠢ ᠪᠠᠷᠢᠮᠲᠠᠯᠠᠵᠤ᠂ ᠲᠤᠰ ᠪᠡᠶ᠎ᠡ ᠶᠢᠨ ᠴᠢᠨᠠᠷ ᠰᠠᠶᠢᠲᠠᠢ ᠬᠥᠭᠵᠢᠯᠲᠡ ᠪᠠᠷ ᠡᠯ᠎ᠡ | ᠤᠯᠤᠰ ᠤᠨ ᠬᠠᠮᠲᠤ ᠶᠢᠨ ᠬᠥᠭᠵᠢᠯᠲᠡ ᠶᠢ ᠠᠬᠢᠭᠤᠯᠤᠨ᠎ᠠ᠃ | | ᠠᠽᠢᠶ᠎ᠠ ᠲᠢᠪ ᠪᠣᠯ ᠪᠦᠭᠦ ᠪᠥᠮᠪᠥᠷᠴᠡᠭ ᠤᠨ ᠬᠠᠮᠲᠤᠷᠠᠯᠴᠠᠨ ᠬᠥᠭᠵᠢᠬᠦ ᠥᠨᠳᠦᠷᠯᠢᠭ ᠮᠥᠨ᠂ ᠶᠠᠭ ᠪᠦᠬᠦᠯᠢ | ᠴᠣᠭᠴᠠ ᠶᠢᠨ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠤᠷᠢᠳ ᠡᠮᠦᠨ᠎ᠡ | ᠪᠠᠶᠢᠭ᠎ᠠ ᠦᠭᠡᠢ ᠠᠵᠠ ᠲᠣᠭᠢᠶᠠᠯ ᠪᠠ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠳᠤᠮᠳᠠᠳᠤ ᠤᠯᠤᠰ ᠬᠥᠷᠰᠢ | ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠠ | ᠲᠣᠭᠲᠠᠪᠤᠷᠢᠲᠤ ᠴᠢᠨᠠᠷ ᠢ ᠪᠠᠲᠤᠯᠠᠵᠤ᠂ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ | ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠬᠦ | ᠴᠢᠭᠯᠡᠯᠲᠡ ᠶᠢ ᠪᠠᠷᠢᠮᠲᠠᠯᠠᠨ᠂ ᠬᠥᠷᠰᠢ ᠵᠡᠷᠭᠡᠯᠡᠳᠡᠭᠡ ᠶᠢᠨ ᠤᠯᠤᠰ ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠠᠽᠢᠶ᠎ᠠ ᠲᠢᠪ ᠤᠨ ᠣᠳᠣᠬᠢᠴᠢᠯᠠᠯᠲᠠ ᠶᠢᠨ ᠠᠬᠢᠴᠠ ᠶᠢ ᠬᠠᠮᠲᠤ ᠪᠠᠷ ᠠᠬᠢᠭᠤᠯᠤᠨ᠎ᠠ᠃ | | ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠵᠤ ᠪᠠᠶᠢᠨ᠎ᠠ᠃ ᠸᠢᠶᠧᠲᠨᠠᠮ ᠤᠳᠠᠯ ᠦᠭᠡᠢ ᠦᠨᠳᠦᠰᠦᠲᠡᠨ ᠤ ᠬᠥᠭᠵᠢᠯᠲᠡ ᠶᠢᠨ ᠰᠢᠨ᠎ᠡ ᠡᠷᠡᠨ ᠢ | ᠡᠬᠢᠯᠡᠭᠦᠯᠵᠦ᠂ ᠨᠠᠮ ᠪᠠᠶᠢᠭᠤᠯᠤᠭᠳᠠᠭᠰᠠᠨ ᠤᠯᠤᠰ ᠪᠠᠶᠢᠭᠤᠯᠤᠭᠳᠠᠭᠰᠠᠨ ︽ᠬᠤᠣᠰ ᠵᠠᠭᠤᠨ ᠵᠢᠯ︾ ᠤᠨ ᠲᠡᠮᠡᠴᠡᠬᠦ | ᠬᠠᠷᠠᠯᠲᠠ ᠲᠡᠶᠢᠰᠢ ᠤᠷᠤᠭᠰᠢᠯᠠᠬᠤ ᠪᠣᠯᠣᠨ᠎ᠠ᠃ ᠳᠤᠮᠳᠠᠳᠤ ᠤᠯᠤᠰ ᠸᠢᠶᠧᠲᠨᠠᠮ ᠢ ᠢᠮᠠᠭᠲᠠ ᠬᠥᠷᠰᠢ | ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠤᠷᠢᠳ ᠢᠶᠠᠷ ᠪᠣᠳᠣᠯᠬᠢᠯᠠᠬᠤ ᠴᠢᠭᠯᠡᠯ ᠢᠶᠠᠷ ᠦᠵᠡᠭᠰᠡᠭᠡᠷ ᠢᠷᠡᠵᠠᠢ᠃ | ᠪᠢᠳᠡ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠵᠦ᠂ ᠠᠽᠢᠶ᠎ᠠ ᠲᠢᠪ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠ | ᠬᠥᠭᠵᠢᠯ ᠴᠡᠴᠡᠭᠯᠡᠯ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠶ᠎ᠡ᠃ | | - ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠦᠢᠯᠡᠰ ᠤᠨ | ᠬᠥᠭᠵᠢᠨ ᠪᠤᠵᠠᠭᠠᠶᠢᠷᠠᠬᠤ ᠶᠢ ᠠᠬᠢᠭᠤᠯᠤᠶ᠎ᠠ᠃ ᠳᠡᠭᠡᠳᠦ ᠳᠠᠪᠬᠤᠷᠭ᠎ᠠ ᠠᠴᠠ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ | ᠂ ᠳᠤᠮᠳᠠᠳᠤ ᠸᠢᠶᠧᠲᠨᠠᠮ ᠤᠨ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠵᠢᠯᠤᠭᠤᠳᠬᠤ ᠵᠥᠪᠯᠡᠯ ᠤᠨ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠬᠤᠭᠤᠷᠣᠨᠳᠣᠭᠢ᠂ ᠵᠠᠰᠠᠭ ᠤᠨ | ᠣᠷᠳᠣᠨ᠂ ᠴᠡᠷᠢᠭ ᠠᠩᠭᠢ᠂ ᠬᠠᠤᠯᠢ ᠬᠡᠷᠡᠭᠵᠢᠭᠦᠯᠬᠦ ᠠᠮᠤᠷ ᠲᠦᠪᠰᠢᠨ ᠵᠡᠷᠭᠡ ᠠᠵᠢᠯ ᠲᠥᠷᠥᠯ ᠵᠣᠬᠢᠴᠠᠯᠳᠤᠭᠰᠠᠨ | ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠭᠠᠳᠠᠭᠠᠳᠤ ᠠᠶᠤᠯ ᠲᠦᠭᠰᠢᠭᠦᠷᠢ ᠪᠠ | ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠵᠤ᠂ ᠤᠯᠤᠰ ᠲᠥᠷᠥ ᠶᠢᠨ ᠠᠮᠤᠷ ᠲᠦᠪᠰᠢᠨ ᠢ ᠬᠠᠮᠲᠤ ᠪᠠᠷ | ᠬᠠᠮᠠᠭᠠᠯᠠᠶ᠎ᠠ᠃ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠤᠨ ᠬᠢᠨ ᠲᠠᠢ ᠲᠦᠷᠦ ᠶᠢ ᠵᠠᠰᠠᠵᠤ ᠵᠠᠰᠠᠭ ᠢ ᠡᠷᠭᠢᠯᠡᠭᠦ | ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠤᠨᠤᠯ ᠪᠠ ᠦᠢᠯᠡᠳᠦᠯᠭᠡ ᠶᠢ | ᠬᠠᠮᠲᠤ ᠪᠠᠷ ᠰᠦᠪᠡᠭᠴᠢᠯᠡᠨ ᠪᠠᠶᠠᠯᠢᠭᠵᠢᠭᠤᠯᠵᠤ᠂ ᠬᠤᠶᠠᠷ ᠤᠯᠤᠰ ᠤᠨ ᠨᠡᠶᠢᠭᠡᠮ ᠵᠢᠷᠤᠮ ᠤᠨ ᠦᠢᠯᠡᠰ ᠤᠨ | ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠨ᠎ᠠ᠃ | | - ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠬᠤᠶᠠᠷ ᠤᠯᠤᠰ ᠤᠨ ᠠᠷᠠᠳ ᠲᠦᠮᠡᠨ ᠤ | ᠠᠵᠠ ᠵᠢᠷᠭᠠᠯ ᠢ ᠨᠡᠮᠡᠭᠳᠡᠭᠦᠯᠦᠶ᠎ᠡ᠃ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ | ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠵᠠᠰᠠᠭ ᠤᠨ ᠣᠷᠳᠣᠨ ᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠬᠢᠭᠡᠳ ︽ᠬᠤᠶᠠᠷ ᠬᠤᠩᠭᠢᠯ ᠨᠢᠭᠡ ᠲᠣᠭᠤᠷᠢᠭ︾ ᠤᠨ ᠪᠣᠷᠣ ᠲᠥᠯᠥᠪ ᠢ ᠵᠣᠯᠭᠠᠭᠤᠯᠬᠤ | ᠲᠤᠬᠠᠢ ᠬᠠᠮᠲᠤᠷᠠᠯᠴᠠᠭᠠᠨ ᠤ ᠲᠥᠯᠦᠪᠵᠢᠭᠦᠯᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠨᠡᠩ ᠤᠯᠠᠨ ᠠᠵᠤ ᠠᠬᠤᠢ᠂ | ᠮᠡᠷᠭᠡᠵᠢᠯ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠤᠨ | ᠬᠢᠨ ᠲᠠᠢ ᠸᠢᠶᠧᠲᠨᠠᠮ ᠤᠨ ᠤᠮᠠᠷᠠᠲᠤ ᠬᠡᠰᠡᠭ ᠤᠨ ᠪᠠᠷᠢᠮᠵᠢᠶᠠᠲᠤ ᠵᠢᠮᠲᠦ ᠲᠡᠮᠦᠷ ᠵᠠᠮ ᠤᠨ 3 ᠲᠦᠷᠦᠯ ᠵᠦᠢᠯ ᠤᠨ | ᠬᠠᠮᠲᠤᠷᠠᠯᠴᠠᠭ᠎ᠠ ᠶᠢ ᠠᠬᠢᠭᠤᠯᠵᠤ᠂ ᠣᠶᠤᠨᠲᠤ ᠬᠢᠯᠢ ᠶᠢᠨ ᠪᠣᠭᠤᠮᠲᠠ ᠶᠢ ᠪᠠᠶᠢᠭᠤᠯᠤᠨ᠎ᠠ᠃ ᠳᠤᠮᠳᠠᠳᠤ ᠤᠯᠤᠰ | ᠸᠢᠶᠧᠲᠨᠠᠮ ᠤᠨ ᠨᠡᠩ ᠤᠯᠠᠨ ᠴᠢᠨᠠᠷ ᠰᠠᠶᠢᠲᠠᠢ ᠲᠠᠸᠠᠷ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠵᠤ | ᠢᠷᠡᠬᠦ ᠶᠢ ᠪᠠᠶᠠᠷᠯᠠᠨ ᠤᠭᠲᠤᠵᠤ᠂ ᠳᠤᠮᠳᠠᠳᠤ ᠤᠯᠤᠰ ᠤᠨ ᠨᠡᠩ ᠤᠯᠠᠨ ᠠᠵᠤ ᠠᠬᠤᠶᠢᠯᠠᠯ ᠤᠨ ᠸᠢᠶᠧᠲᠨᠠᠮ ᠳᠤ | ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠬᠤᠶᠠᠷ ᠲᠠᠯ᠎ᠠ ᠪᠠᠷ ᠢᠶᠠᠨ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ 5G᠂ | ᠵᠣᠬᠢᠶᠠᠮᠠᠯ ᠤᠶᠤᠨ ᠴᠢᠳᠠᠪᠤᠷᠢ᠂ ᠪᠣᠬᠢᠷᠳᠤᠯ ᠦᠭᠡᠢ ᠬᠥᠭᠵᠢᠯᠲᠡ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠥᠷᠭᠡᠳᠬᠡᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ | ᠦᠢᠯᠡᠳᠦᠶ᠎ᠡ᠃ | | - ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠠᠷᠠᠳ ᠤᠨ ᠰᠡᠳᠬᠢᠯ ᠢ ᠨᠡᠪᠲᠡᠷᠡᠭᠦᠯᠬᠦ | ᠬᠤᠯᠪᠣᠭᠠᠰᠤ ᠶᠢ ᠴᠢᠩᠭᠠᠯᠠᠶ᠎ᠠ᠃ ᠡᠨᠡ ᠵᠢᠯ ︽ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ | ᠣᠨ︾ ᠢ ᠡᠷᠭᠢᠯᠡᠭᠦ ᠪᠠᠷ ᠠᠵᠠ ᠲᠣᠭᠢᠶᠠᠯ ᠪᠤᠯᠭᠠᠵᠤ᠂ ᠡᠯᠪᠡᠭ ᠪᠠᠶᠠᠯᠢᠭ ᠤᠯᠠᠨ ᠡᠰᠢᠲᠦ ᠰᠣᠶᠣᠯ ᠢᠷᠭᠡᠨᠰᠢᠯ ᠤᠨ | ᠰᠣᠯᠢᠯᠴᠠᠭ᠎ᠠ ᠶᠢ ᠥᠷᠨᠢᠭᠦᠯᠦᠶ᠎ᠡ᠃ ᠳᠤᠮᠳᠠᠳᠤ ᠤᠯᠤᠰ ᠸᠢᠶᠧᠲᠨᠠᠮ ᠤᠨ ᠠᠷᠠᠳ ᠤᠯᠠᠨ ᠤ ᠳᠤᠮᠳᠠᠳᠤ ᠤᠯᠤᠰ ᠤᠨ | ᠡᠯ᠎ᠡ ᠭᠠᠵᠠᠷ ᠢᠶᠠᠷ ᠢᠯᠡᠭᠦᠬᠡᠨ ᠬᠦᠷᠴᠦ ︽ᠠᠶᠢᠯᠴᠢᠯᠠᠬᠤ︾ ᠶᠢ ᠪᠠᠶᠠᠷᠯᠠᠨ ᠤᠭᠲᠤᠵᠤ ᠪᠠᠶᠢᠬᠤ ᠪᠥᠭᠡᠳ ᠳᠤᠮᠳᠠᠳᠤ | ᠤᠯᠤᠰ ᠤᠨ ᠵᠢᠭᠤᠯᠴᠢᠯᠠᠬᠰᠡᠳ ᠤᠨ ᠸᠢᠶᠧᠲᠨᠠᠮ ᠤᠨ ᠠᠯᠳᠠᠷᠲᠤ ᠦᠵᠡᠮᠵᠢ ᠶᠢᠨ ᠣᠷᠣᠨ ᠳᠤ ᠬᠦᠷᠴᠦ ︽ᠺᠠᠷᠲᠯᠠᠨ | ᠵᠢᠭᠤᠯᠴᠢᠯᠠᠬᠤ︾ ᠶᠢ ᠵᠣᠷᠢᠭᠵᠢᠭᠤᠯᠤᠨ᠎ᠠ᠃ ᠳᠤᠮᠳᠠᠳᠤ ᠸᠢᠶᠧᠲᠨᠠᠮ ᠤᠨ ᠵᠠᠯᠠᠭᠤᠴᠤᠳ ᠤᠨ ᠨᠥᠭᠦᠷᠰᠡᠭ | ᠠᠭᠤᠯᠵᠠᠯᠲᠠ᠂ ᠬᠢᠯᠢ ᠶᠢᠨ ᠠᠷᠠᠳ ᠤᠨ ᠬᠠᠮᠲᠤᠷᠠᠭᠰᠠᠨ ᠨᠠᠶᠢᠷ ᠵᠡᠷᠭᠡ ᠬᠠᠶᠢᠷ᠎ᠠ ᠰᠡᠳᠬᠢᠯᠭᠡ ᠲᠠᠢ᠂ ᠤᠯᠠᠨ | ᠲᠦᠮᠡᠨ ᠲᠠᠢ ᠣᠶᠢᠷᠠᠲᠤᠭᠰᠠᠨ᠂ ᠠᠷᠠᠳ ᠤᠨ ᠰᠡᠳᠬᠢᠯ ᠢ ᠨᠢᠭᠲᠠᠷᠠᠭᠤᠯᠤᠭᠰᠠᠨ ᠰᠣᠶᠣᠯ ᠢᠷᠭᠡᠨᠰᠢᠯ ᠤᠨ | ᠰᠣᠯᠢᠯᠴᠠᠭᠠᠨ ᠤ ᠠᠵᠢᠯᠯᠠᠭ᠎ᠠ ᠶᠢ ᠬᠠᠮᠲᠤ ᠪᠠᠷ ᠰᠠᠶᠢᠲᠤᠷ ᠬᠢᠵᠦ᠂ ᠬᠤᠪᠢᠰᠬᠠᠯ ᠤᠨ ᠡᠬᠢ ᠪᠠᠶᠠᠯᠢᠭ ᠢ ᠭᠦᠨᠵᠡᠭᠡᠢ | ᠠᠭᠤᠳᠠᠯᠵᠤ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ | ᠸᠢᠶᠧᠲᠨᠠᠮ ᠤᠨ ᠨᠥᠬᠦᠷᠯᠡᠯ ᠤᠨ ᠪᠤᠤᠬᠢᠶ᠎ᠠ ᠶᠢ ᠦᠶ᠎ᠡ ᠶᠢᠨ ᠦᠶ᠎ᠡ ᠳᠤ ᠳᠠᠮᠵᠢᠭᠤᠯᠤᠶ᠎ᠠ᠃ | - ᠣᠯᠠᠨ ᠲᠠᠯ᠎ᠠ ᠶᠢᠨ ᠬᠠᠮᠵᠢᠯᠴᠠᠭ᠎ᠠ ᠶᠢ ᠨᠢᠭᠲᠠᠷᠠᠭᠤᠯᠵᠤ᠂ ᠠᠽᠢᠶ᠎ᠠ ᠲᠢᠪ ᠤᠨ ᠴᠡᠴᠡᠭᠯᠡᠯ ᠬᠥᠭᠵᠢᠯ ᠢ ᠠᠬᠢᠭᠤᠯᠤᠶ᠎ᠠ᠃ | ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠵᠢᠴᠢ ᠳᠡᠯᠡᠬᠡᠢ ᠶᠢᠨ | ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠣᠶ ᠪᠤᠯᠬᠤ ᠪᠥᠭᠡᠳ ᠪᠠᠰᠠ ᠴᠤ ᠣᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ᠃ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ | ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ | ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠡᠷᠬᠡ ᠲᠡᠭᠰᠢ ᠡᠮᠬᠢ | ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠠ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ | ᠳᠡᠯᠡᠬᠡᠶᠢᠵᠢᠯᠲᠡ ᠶᠢ ᠠᠬᠢᠭᠤᠯᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤ ᠪᠠᠷ ᠬᠥᠭᠵᠢᠵᠦ | ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ᠃ ᠠᠷᠠᠯᠵᠢᠶᠠᠨ ᠤ ᠲᠡᠶᠢᠨ᠂ ᠪᠣᠭᠤᠮᠲᠠ ᠶᠢᠨ | ᠭᠠᠶᠢᠯᠢ ᠶᠢᠨ ᠲᠡᠶᠢᠨ ᠳᠤ ᠢᠯᠠᠭᠴᠢ ᠦᠭᠡᠢ᠂ ᠬᠠᠮᠠᠭᠠᠯᠠᠬᠤ ᠦᠵᠡᠯ ᠳᠤ ᠭᠠᠷᠬᠤ ᠵᠠᠮ ᠦᠭᠡᠢ᠃ ᠤᠯᠠᠨ ᠲᠠᠯᠠᠲᠤ | ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠵᠤ᠂ ᠨᠡᠭᠡᠭᠡᠯᠲᠡᠲᠡᠢ ᠬᠠᠮᠲᠤᠷᠠᠯᠴᠠᠭ᠎ᠠ ᠬᠢᠬᠦ ᠤᠯᠠᠨ | ᠤᠯᠤᠰ ᠤᠨ ᠣᠷᠴᠢᠨ ᠲᠣᠭᠤᠷᠢᠨ ᠢ ᠬᠠᠮᠠᠭᠠᠯᠠᠶ᠎ᠠ᠃ ᠵᠡᠭᠦᠨ ᠠᠽᠢᠶ᠎ᠠ ᠶᠢᠨ ᠬᠠᠮᠲᠤᠷᠠᠯᠴᠠᠭ᠎ᠠ᠂ ᠯᠠᠨᠼᠠᠩᠵᠢᠶᠠᠩ | ᠮᠥᠷᠡᠨ ᠮᠧᠶᠢᠭᠤᠩ ᠮᠥᠷᠡᠨ ᠤ ᠬᠠᠮᠲᠤᠷᠠᠯᠴᠠᠭ᠎ᠠ ᠵᠡᠷᠭᠡ ᠲᠣᠭᠲᠠᠴᠠ ᠶᠢᠨ ᠳᠣᠲᠣᠷᠠᠬᠢ ᠵᠣᠬᠢᠴᠠᠭᠤᠯᠭ᠎ᠠ | ᠬᠠᠮᠵᠢᠯᠴᠠᠭ᠎ᠠ ᠪᠠᠨ ᠴᠢᠩᠭᠠᠳᠬᠠᠵᠤ᠂ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠷᠲᠢᠨᠴᠦ ᠳᠤ ᠨᠡᠩ ᠤᠯᠠᠨ | ᠲᠣᠬᠲᠠᠭᠠᠯᠳᠤ ᠴᠢᠨᠠᠷ ᠪᠠ ᠢᠳᠡᠪᠬᠢ ᠬᠦᠴᠦᠨ ᠨᠡᠮᠡᠷᠢᠯᠡᠶ᠎ᠡ᠃ | | - ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠵᠦ᠂ ᠭᠠᠵᠠᠷ ᠣᠷᠣᠨ ᠤ ᠡᠩᠬᠡ ᠲᠠᠶᠢᠪᠤᠩ | ᠲᠣᠭᠲᠠᠭᠤᠨ ᠢ ᠬᠠᠮᠠᠭᠠᠯᠠᠶ᠎ᠠ᠃ ᠳᠤᠮᠳᠠᠳᠤ ᠸᠢᠶᠧᠲᠨᠠᠮ ᠬᠤᠶᠠᠷ ᠤᠯᠤᠰ ᠤᠨ ᠡᠬᠡ ᠬᠠᠭᠤᠷᠠᠢ ᠶᠢᠨ ᠬᠢᠯᠢ ᠶᠢᠨ ᠵᠠᠭᠠᠭ | ᠪᠣᠯᠣᠨ ᠤᠮᠠᠷᠠᠲᠤ ᠶᠢᠨ ᠪᠤᠯᠤᠩ ᠤᠨ ᠵᠠᠭᠠᠭ ᠬᠢᠵᠠᠭᠠᠷ ᠢ ᠰᠢᠢᠳᠪᠦᠷᠢᠯᠡᠭᠰᠡᠨ ᠠᠮᠵᠢᠯᠲᠠ ᠲᠠᠢ ᠦᠢᠯᠡᠳᠦᠯᠭᠡ ᠨᠢ᠂ | ᠬᠤᠶᠠᠷ ᠲᠠᠯ᠎ᠠ ᠪᠠᠷ ᠢᠶᠠᠨ ᠵᠥᠪᠳᠡᠯᠴᠡᠵᠦ ᠬᠡᠯᠡᠯᠴᠡᠭᠡ ᠬᠢᠬᠦ ᠪᠠᠷ ᠳᠠᠮᠵᠢᠨ ᠳᠠᠯᠠᠢ ᠳᠡᠭᠡᠷᠡᠬᠢ ᠠᠰᠠᠭᠤᠳᠠᠯ ᠢ ᠰᠠᠶᠢᠲᠤᠷ | ᠰᠢᠢᠳᠪᠦᠷᠢᠯᠡᠬᠦ ᠴᠢᠳᠠᠪᠤᠷᠢ᠂ ᠤᠶᠤᠨ ᠤᠬᠠᠭᠠᠨ ᠪᠦᠷᠢᠨ ᠪᠠᠶᠢᠨ᠎ᠠ ᠭᠡᠳᠡᠭ ᠢ ᠬᠠᠷᠠᠭᠤᠯᠵᠤ ᠪᠠᠶᠢᠨ᠎ᠠ᠃ ᠬᠤᠶᠠᠷ | ᠲᠠᠯ᠎ᠠ ᠪᠠᠷ ᠢᠶᠠᠨ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠬᠠᠮᠲᠤ ᠶᠢᠨ ᠲᠠᠨᠢᠯᠲᠠ ᠶᠢ | ᠨᠠᠶᠢᠳᠠᠪᠤᠷᠢᠵᠢᠭᠤᠯᠵᠤ᠂ ᠳᠠᠯᠠᠢ ᠳᠡᠭᠡᠷᠡᠬᠢ ᠶᠠᠪᠤᠳᠠᠯ ᠤᠨ ᠬᠡᠯᠡᠯᠴᠡᠭᠡ ᠶᠢᠨ ᠲᠣᠭᠲᠠᠴᠠ ᠶᠢᠨ ᠦᠢᠯᠡᠳᠦᠯ ᠢ ᠰᠠᠶᠢᠲᠤᠷ | ᠪᠠᠳᠠᠷᠠᠭᠤᠯᠵᠤ᠂ ᠳᠠᠯᠠᠢ ᠳᠡᠭᠡᠷᠡᠬᠢ ᠶᠠᠪᠤᠳᠠᠯ ᠤᠨ ᠵᠥᠷᠢᠯᠳᠦᠭᠡᠨ ᠢ ᠵᠣᠬᠢᠰᠲᠠᠢ ᠬᠠᠮᠢᠶᠠᠷᠤᠨ ᠡᠵᠡᠮᠳᠡᠵᠦ᠂ ᠳᠠᠯᠠᠢ | ᠳᠡᠭᠡᠷᠡᠬᠢ ᠬᠠᠮᠲᠤᠷᠠᠯᠴᠠᠭ᠎ᠠ ᠶᠢ ᠦᠷᠭᠦᠯᠵᠢᠯᠡᠨ ᠥᠷᠭᠡᠳᠬᠡᠵᠦ᠂ ᠡᠴᠦᠰ ᠲᠡᠭᠡᠨ ᠮᠠᠷᠭᠤᠭᠠᠨ ᠢ ᠰᠢᠢᠳᠪᠦᠷᠢᠯᠡᠬᠦ ᠳᠤ | ᠨᠥᠬᠦᠴᠡᠯ ᠬᠤᠷᠠᠮᠳᠤᠭᠤᠯᠤᠶ᠎ᠠ᠃ ︽ᠡᠮᠦᠨᠡᠲᠦ ᠲᠠᠩᠭᠢᠰ ᠤᠨ ᠡᠯ᠎ᠡ ᠲᠠᠯ᠎ᠠ ᠶᠢᠨ ᠠᠵᠢᠯᠯᠠᠭᠠᠨ ᠤ ᠲᠤᠩᠬᠠᠭ︾ ᠢ ᠪᠦᠭᠦ | ᠲᠠᠯ᠎ᠠ ᠪᠠᠷ ᠪᠦᠲᠦᠮᠵᠢᠲᠡᠢ ᠨᠠᠶᠢᠳᠠᠪᠤᠷᠢᠵᠢᠭᠤᠯᠵᠤ᠂ ︽ᠡᠮᠦᠨᠡᠲᠦ ᠲᠠᠩᠭᠢᠰ ᠤᠨ ᠠᠵᠢᠯᠯᠠᠭᠠᠨ ᠤ ᠪᠠᠷᠢᠮᠵᠢᠶ᠎ᠠ︾ ᠶᠢᠨ | ᠵᠥᠪᠳᠡᠯᠴᠡᠭᠡ ᠶᠢ ᠢᠳᠡᠪᠬᠢᠲᠡᠢ ᠠᠬᠢᠭᠤᠯᠵᠤ᠂ ᠬᠠᠷᠰᠢᠯᠠᠯ ᠢ ᠠᠷᠢᠯᠭᠠᠵᠤ᠂ ᠠᠳᠠᠯᠢ ᠲᠠᠯ᠎ᠠ ᠪᠠᠨ ᠨᠢᠭᠡᠳᠬᠡᠨ | ᠵᠥᠷᠢᠶ᠎ᠡ ᠪᠠᠨ ᠠᠷᠢᠯᠭᠠᠵᠤ᠂ ᠡᠮᠦᠨᠡᠲᠦ ᠲᠠᠩᠭᠢᠰ ᠢ ᠵᠢᠩᠬᠢᠨᠢ ᠡᠩᠬᠡ ᠲᠠᠶᠢᠪᠤᠩ ᠤᠨ ᠲᠠᠩᠭᠢᠰ᠂ ᠨᠥᠬᠦᠷᠯᠡᠯ ᠤᠨ | ᠲᠠᠩᠭᠢᠰ᠂ ᠬᠠᠮᠲᠤᠷᠠᠯᠴᠠᠭᠠᠨ ᠤ ᠲᠠᠩᠭᠢᠰ ᠪᠣᠯᠭᠠᠶ᠎ᠠ᠃ | | ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠲᠠᠢ | ᠬᠠᠮᠲᠤ ᠪᠠᠷ ᠭᠠᠷ ᠬᠤᠯᠪᠣᠨ ᠤᠷᠤᠭᠰᠢᠯᠠᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ | ᠦᠷᠭᠦᠯᠵᠢᠯᠡᠨ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ | ᠰᠢᠨ᠎ᠡ ᠬᠠᠭᠤᠳᠠᠰᠤ ᠶᠢ ᠪᠢᠴᠢᠭᠯᠡᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃ | |