︵2025 ᠣᠨ ᠤ 4 ᠰᠠᠷ᠎ᠠ ᠶᠢᠨ 16 ᠤ ᠡᠳᠦᠷ᠂ ᠪᠦᠲ᠋ᠧᠯᠠᠵᠢᠶᠠᠶᠠ︶ | | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | | ᠬᠦᠨᠳᠦᠲᠦ ᠶᠡᠷᠦᠩᠬᠡᠢ ᠰᠠᠶᠢᠳ ᠠᠨᠸᠠᠷ᠂ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋᠄ | | ᠶᠡᠷᠦᠩᠬᠡᠢ ᠰᠠᠶᠢᠳ ᠠᠨᠸᠠᠷ ᠤᠨ ᠣᠷᠭᠢᠯᠤᠮ᠎ᠠ ᠬᠠᠯᠠᠭᠤᠨ ᠰᠡᠳᠬᠢᠯᠭᠡ ᠲᠠᠢ ᠶᠠᠷᠢᠶ᠎ᠠ ᠲᠠᠯᠪᠢᠭᠰᠠᠨ ᠳᠤ ᠲᠠᠯᠠᠷᠬᠠᠵᠤ | ᠪᠠᠶᠢᠨ᠎ᠠ᠃ ᠬᠠᠮᠤᠭ ᠤᠨ ᠳᠡᠭᠡᠳᠦ ᠲᠡᠷᠢᠭᠦᠨ ᠢᠪᠥ᠋ᠯᠠᠰᠢᠨ ᠤ ᠤᠷᠢᠯᠭ᠎ᠠ ᠪᠠᠷ ᠮᠠᠯᠠᠶᠢᠰᠢᠶ᠎ᠠ ᠳᠤ ᠲᠥᠷᠥ ᠶᠢᠨ | ᠠᠶᠢᠯᠴᠢᠯᠠᠯᠲᠠ ᠬᠢᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠃ ᠪᠢ ᠮᠠᠯᠠᠶᠢᠰᠢᠶ᠎ᠠ ᠶᠢᠨ ᠬᠢᠨ ᠤ ᠨᠠᠷᠢᠨ ᠨᠢᠮᠪᠠᠢ | ᠲᠣᠬᠢᠷᠠᠭᠤᠯᠤᠯᠲᠠ ᠪᠠ ᠬᠠᠯᠠᠭᠤᠮᠰᠤᠭ ᠢᠶᠠᠷ ᠵᠣᠴᠢᠯᠠᠭᠰᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ | ︽ᠠᠭᠤᠯᠵᠠᠵᠤ ᠥᠩᠭᠡᠷᠡᠭᠡ ᠦᠭᠡᠢ ᠴᠤ ᠳᠣᠲᠣᠨᠣᠰᠤᠭ ᠪᠣᠯ ᠣᠴᠢᠵᠤ ᠪᠣᠯᠣᠮᠤᠢ︔ ᠰᠠᠯᠤᠯᠴᠠᠭᠠᠳ ᠤᠳᠠᠲᠠᠯ᠎ᠠ | ᠮᠠᠷᠲᠠᠬᠤ ᠦᠭᠡᠢ ᠪᠣᠯ ᠢᠷᠡᠵᠦ ᠪᠣᠯᠣᠮᠤᠢ︾᠃ ᠪᠢ ᠳᠡᠭᠡᠷ᠎ᠡ ᠤᠳᠠᠭ᠎ᠠ ᠮᠠᠯᠠᠶᠢᠰᠢᠶ᠎ᠠ ᠳᠤ ᠠᠶᠢᠯᠴᠢᠯᠠᠭᠰᠠᠨ ᠨᠢ 2013 | ᠣᠨ ᠤ ᠶᠠᠪᠤᠳᠠᠯ ᠪᠣᠯᠣᠨ᠎ᠠ᠂ ᠡᠷᠬᠢᠮ ᠤᠯᠤᠰ ᠤᠨ ᠥᠩᠭᠡ ᠦᠵᠡᠮᠵᠢ ᠦᠵᠡᠰᠬᠦᠯᠡᠩᠲᠦ ᠰᠠᠶᠢᠬᠠᠨ᠂ ᠰᠣᠶᠣᠯ ᠤᠯᠠᠨ | ᠡᠰᠢᠵᠢᠭᠰᠡᠨ᠂ ᠠᠷᠠᠳ ᠲᠦᠮᠡᠨ ᠨᠥᠬᠦᠷᠰᠡᠭ᠂ ᠨᠠᠳᠠ ᠳᠤ ᠭᠦᠨ ᠰᠠᠭᠤᠭᠳᠠᠯ ᠦᠯᠡᠳᠡᠭᠡᠵᠡᠢ᠃ 12 ᠵᠢᠯ ᠤᠨ | ᠲᠠᠷᠠᠭ᠎ᠠ ᠳᠠᠬᠢᠨᠲᠠ ᠠᠶᠢᠯᠴᠢᠯᠠᠵᠤ᠂ ᠮᠠᠯᠠᠶᠢᠰᠢᠶ᠎ᠠ ᠡᠳᠦᠷ ᠠᠴᠠ ᠡᠳᠦᠷ ᠬᠥᠭᠵᠢᠨ ᠮᠠᠨᠳᠤᠵᠤ᠂ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠢᠯᠡᠳᠲᠡ ᠠᠮᠵᠢᠯᠲᠠ ᠣᠯᠣᠭᠰᠠᠨ ᠢ ᠦᠵᠡᠭᠡᠳ ᠪᠢ ᠴᠢᠩ ᠰᠡᠳᠬᠢᠯ ᠠᠴᠠ ᠪᠠᠨ | ᠪᠠᠶᠠᠷᠯᠠᠵᠤ ᠪᠠᠶᠢᠨ᠎ᠠ᠃ ᠬᠠᠮᠤᠭ ᠤᠨ ᠳᠡᠭᠡᠳᠦ ᠲᠡᠷᠢᠭᠦᠨ ᠬᠠᠭᠠᠨᠲᠠᠨ ᠪᠠ ᠶᠡᠷᠦᠩᠬᠡᠢ ᠰᠠᠶᠢᠳ ᠠᠨᠸᠠᠷ ᠤᠨ ᠳᠠᠭᠠᠭᠤᠯᠭ᠎ᠠ | ᠳᠣᠣᠷ᠎ᠠ᠂ ᠮᠠᠯᠠᠶᠢᠰᠢᠶ᠎ᠠ ᠯᠠᠪᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠢᠶᠠᠨ ᠲᠠᠰᠤᠷᠠᠯᠲᠠ ᠦᠭᠡᠢ | ᠪᠠᠳᠠᠷᠠᠭᠤᠯᠵᠤ᠂ ︽ᠬᠥᠭᠵᠢᠭᠰᠡᠨ ᠪᠠᠳᠠᠷᠠᠭᠰᠠᠨ ᠮᠠᠯᠠᠶᠢᠰᠢᠶ᠎ᠠ︾ ᠶᠢ ᠪᠠᠶᠢᠭᠤᠯᠬᠤ ᠵᠠᠮ ᠢᠶᠠᠷ ᠵᠠᠮᠨᠠᠵᠤ ᠨᠠᠩ ᠬᠡᠷᠡᠯ | ᠰᠠᠴᠤᠷᠠᠩᠭᠤᠢ ᠠᠮᠵᠢᠯᠲᠠ ᠪᠦᠲᠦᠮᠵᠢ ᠣᠯᠬᠤ ᠶᠢ ᠢᠲᠡᠭᠡᠵᠦ ᠪᠠᠶᠢᠨ᠎ᠠ᠃ | ᠳᠤᠮᠳᠠᠳᠤ ᠮᠠᠯᠠᠶᠢᠰᠢᠶ᠎ᠠ ᠬᠤᠶᠠᠷ ᠤᠯᠤᠰ ᠳᠠᠯᠠᠢ ᠠᠯᠤᠰᠯᠠᠨ ᠬᠠᠷᠢᠯᠴᠠᠨ ᠪᠠᠷᠠᠯᠠᠵᠤ᠂ ᠤᠯᠠᠮᠵᠢᠯᠠᠯᠲᠤ ᠨᠥᠬᠦᠷᠯᠡᠯ | ᠮᠢᠩᠭᠠᠨ ᠣᠨ ᠢ ᠲᠤᠭᠤᠯᠤᠬᠰᠠᠨ ᠶᠤᠮ᠃ ᠮᠠᠯᠠᠶᠢᠰᠢᠶ᠎ᠠ ᠶᠢᠨ ᠵᠦᠢᠷ ᠦᠭᠡᠨ ᠳᠤ᠄ ︽ᠴᠥᠬᠦᠷᠡᠰᠢ ᠦᠭᠡᠢ ᠴᠢᠷᠮᠠᠶᠢᠪᠠᠯ | ᠂ ᠡᠳᠦᠷ ᠤᠨ ᠤᠳᠠᠭᠠᠨ ᠳᠤ ᠠᠭᠤᠯᠠ ᠪᠣᠯᠵᠤ ᠰᠦᠨᠳᠡᠷᠯᠡᠮᠦᠢ︾ ᠭᠡᠳᠡᠭ᠃ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ 50 ᠭᠠᠷᠤᠢ ᠵᠢᠯ ᠤᠨ ᠲᠤᠷᠰᠢ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠳᠤᠮᠳᠠᠳᠤ | ᠮᠠᠯᠠᠶᠢᠰᠢᠶ᠎ᠠ ᠶᠢᠨ ᠬᠠᠷᠢᠯᠴᠠᠭ᠎ᠠ ᠬᠠᠳᠠ ᠴᠢᠯᠠᠭᠤ ᠮᠡᠲᠦ ᠪᠠᠲᠤ ᠪᠠᠬᠢ ᠪᠣᠯᠵᠤ᠂ ᠤᠯᠤᠰ ᠲᠦᠷᠦ ᠶᠢᠨ ᠲᠠᠯ᠎ᠠ ᠪᠠᠷ | ᠬᠠᠷᠢᠯᠴᠠᠨ ᠬᠦᠨᠳᠦᠳᠬᠡᠵᠦ ᠬᠠᠷᠢᠯᠴᠠᠨ ᠢᠲᠡᠭᠡᠯᠴᠡᠭᠰᠡᠨ᠂ ᠠᠵᠤ ᠠᠬᠤᠢ ᠶᠢᠨ ᠲᠠᠯ᠎ᠠ ᠪᠠᠷ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠭᠥᠷᠳᠡᠭᠰᠡᠨ᠂ ᠰᠣᠶᠣᠯ ᠤᠨ ᠲᠠᠯ᠎ᠠ ᠪᠠᠷ ᠬᠠᠷᠢᠯᠴᠠᠨ ᠲᠣᠯᠢ ᠪᠣᠯᠭᠠᠵᠤ ᠬᠠᠮᠲᠤ ᠪᠠᠷ | ᠠᠬᠢᠭᠤᠯᠤᠭᠰᠠᠨ ᠳᠣᠲᠣᠨᠣ ᠨᠠᠶᠢᠵᠠ ᠪᠠ ᠬᠠᠨᠢᠲᠠᠨ ᠪᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ | ᠪᠣᠳᠠᠲᠠᠢ ᠠᠰᠢᠭ ᠬᠦᠷᠲᠡᠭᠡᠭᠰᠡᠨ ᠪᠠᠶᠢᠨ᠎ᠠ᠃ 2023 ᠣᠨ ᠳᠤ᠂ ᠪᠢ ᠶᠡᠷᠦᠩᠬᠡᠢ ᠰᠠᠶᠢᠳ ᠠᠪᠤᠭᠠᠢ ᠲᠠᠢ ᠳᠤᠮᠳᠠᠳᠤ | ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠪᠠᠷ ᠨᠡᠶᠢᠲᠡᠯᠡᠵᠦ᠂ | ᠬᠤᠶᠠᠷ ᠲᠠᠯ᠎ᠠ ᠶᠢᠨ ᠬᠠᠷᠢᠯᠴᠠᠭᠠᠨ ᠤ ᠰᠢᠨ᠎ᠡ ᠲᠡᠦᠬᠡ ᠶᠢᠨ ᠬᠠᠭᠤᠳᠠᠰᠤ ᠶᠢ ᠨᠡᠭᠡᠭᠡᠭᠰᠡᠨ ᠶᠤᠮ᠃ | ᠰᠠᠶ᠋ᠢᠬᠠᠨ ᠪᠢ ᠶᠡᠷᠦᠩᠬᠡᠢ ᠰᠠᠶᠢᠳ ᠠᠨᠸᠠᠷ ᠲᠠᠢ ᠳᠣᠲᠣᠨᠣ ᠨᠥᠬᠦᠷᠰᠡᠭ ᠬᠡᠯᠡᠯᠴᠡᠭᠡ ᠬᠢᠵᠡᠢ᠂ ᠪᠢᠳᠡ ᠬᠤᠶᠠᠷ | ᠤᠯᠤᠰ ᠤᠨ ᠡᠯ᠎ᠡ ᠬᠦᠷᠢᠶᠡᠨ ᠳᠠᠬᠢ ᠶᠠᠪᠤᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠠᠯᠢ ᠤᠯᠠᠨ | ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠠᠢ᠃ ᠣᠳᠣᠬᠠᠨ ᠤ ᠤᠯᠠᠨ ᠤᠯᠤᠰ ᠤᠨ ᠡᠮᠬᠢ ᠳᠢᠭᠯᠢᠮ ᠪᠣᠯᠣᠨ ᠠᠵᠤ | ᠠᠬᠤᠢ ᠶᠢᠨ ᠳᠡᠯᠡᠬᠡᠶᠢᠵᠢᠯᠲᠡ ᠴᠣᠬᠢᠯᠲᠠ ᠳᠤ ᠤᠴᠠᠷᠠᠵᠤ ᠪᠠᠶᠢᠭ᠎ᠠ ᠪᠠᠶᠢᠳᠠᠯ ᠤᠨ ᠡᠮᠦᠨ᠎ᠡ᠂ ᠬᠤᠶᠠᠷ | ᠤᠯᠤᠰ ᠢᠶᠠᠷ ᠢᠶᠠᠨ ᠭᠠᠵᠠᠷ ᠣᠷᠣᠨ ᠤ ᠤᠯᠤᠰ ᠤᠳ ᠲᠠᠢ ᠪᠦᠯᠬᠦᠮᠳᠡᠨ ᠨᠢᠭᠡᠳᠴᠦ᠂ ᠬᠠᠮᠲᠤ ᠪᠠᠷ ᠭᠠᠵᠠᠷ ᠣᠷᠣᠨ ᠤ | ᠤᠯᠤᠰ ᠲᠦᠷᠦ ᠪᠣᠯᠣᠨ ᠯᠡᠭᠧᠷ ᠤᠨ ᠡᠰᠡᠷᠭᠦᠴᠡᠯᠳᠦᠯ ᠤᠨ ᠳᠠᠯᠳᠠ ᠤᠷᠤᠰᠬᠠᠯ ᠢ ᠡᠰᠡᠷᠭᠦᠴᠡᠵᠦ᠂ ᠭᠠᠭᠴᠠ ᠲᠠᠯᠠᠲᠤ | ᠦᠵᠡᠯ ᠪᠣᠯᠣᠨ ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠢ ᠰᠢᠪᠲᠤᠯᠵᠤ᠂ ᠠᠽᠢᠶ᠎ᠠ ᠲᠢᠪ ᠤᠨ ᠭᠡᠷ ᠣᠷᠣᠨ ᠤ | ᠰᠠᠶᠢᠨ ᠰᠠᠶᠢᠬᠠᠨ ᠬᠥᠭᠵᠢᠯᠲᠡ ᠶᠢᠨ ᠢᠷᠡᠭᠡᠳᠦᠢ ᠶᠢ ᠰᠠᠶᠢᠲᠤᠷ ᠰᠠᠬᠢᠨ ᠬᠠᠮᠠᠭᠠᠯᠠᠶ᠎ᠠ᠃ | ᠳᠤᠮᠳᠠᠳᠤ ᠮᠠᠯᠠᠶᠢᠰᠢᠶ᠎ᠠ ᠶᠢᠨ ᠨᠥᠬᠦᠷᠯᠡᠯ ᠲᠡᠦᠬᠡ ᠶᠢᠨ ᠤᠷᠤᠰᠬᠠᠯ ᠳᠤ ᠵᠣᠬᠢᠴᠠᠵᠤ᠂ ᠢᠷᠡᠭᠡᠳᠦᠢ ᠬᠡᠬᠡᠨ ᠰᠠᠷᠠᠭᠤᠯ | ᠪᠤᠯᠬᠤ ᠶᠤᠮ᠃ ᠳᠤᠮᠳᠠᠳᠤ ᠶᠢᠨ ᠲᠠᠯ᠎ᠠ ᠶᠢᠨ ᠬᠢᠨ ᠮᠠᠯᠠᠶᠢᠰᠢᠶ᠎ᠠ ᠶᠢᠨ ᠲᠠᠯ᠎ᠠ ᠲᠠᠢ ᠬᠠᠮᠲᠤ ᠪᠠᠷ ᠥᠨᠳᠥᠷ ᠲᠦᠪᠰᠢᠨ | ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠭᠠᠷ ᠬᠤᠯᠪᠣᠨ ᠪᠠᠶᠢᠭᠤᠯᠵᠤ᠂ ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭᠠᠨ ᠤ ᠰᠢᠨ᠎ᠡ ︽ᠰᠢᠵᠢᠷ ᠠᠯᠳᠠᠨ | 50 ᠵᠢᠯ︾ ᠢ ᠴᠣᠭᠴᠠᠯᠠᠵᠤ᠂ ᠬᠤᠶᠠᠷ ᠤᠯᠤᠰ ᠤᠨ ᠲᠤᠰ ᠲᠤᠰ ᠤᠨ ᠣᠳᠣᠬᠢᠴᠢᠯᠠᠯᠲᠠ ᠶᠢᠨ ᠠᠬᠢᠴᠠ ᠳᠤ ᠨᠡᠩ | ᠶᠡᠭᠡ ᠬᠦᠴᠦᠨ ᠨᠡᠮᠡᠷᠢᠯᠡᠵᠦ᠂ ᠪᠦᠬᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠤ ᠪᠦᠯᠬᠦᠮᠳᠡᠯ | ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠢ ᠪᠤᠢ ᠪᠣᠯᠭᠠᠵᠤ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ | ᠲᠠᠶᠢᠪᠤᠩ᠂ ᠲᠣᠭᠲᠠᠭᠤᠨ᠂ ᠬᠥᠭᠵᠢᠯ ᠴᠡᠴᠡᠭᠯᠡᠯ ᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠬᠦ ᠶᠢ ᠬᠦᠰᠡᠵᠦ ᠪᠠᠶᠢᠨ᠎ᠠ᠃ | ᠬᠠᠮᠤᠭ ᠤᠨ ᠰᠡᠭᠦᠯ ᠳᠤ᠂ ᠮᠠᠯᠠᠶᠢᠰᠢᠶ᠎ᠠ ᠶᠢᠨ ᠬᠥᠭᠵᠢᠨ ᠮᠠᠨᠳᠤᠵᠤ᠂ ᠠᠷᠠᠳ ᠲᠦᠮᠡᠨ ᠵᠣᠯ ᠵᠢᠷᠭᠠᠯ ᠲᠠᠢ ᠠᠮᠤᠷ | ᠠᠮᠤᠭᠤᠯᠠᠩ ᠪᠠᠶᠢᠬᠤ ᠶᠢ ᠵᠥᠩᠨᠡᠶ᠎ᠡ︕ | ᠶᠡᠷᠦᠩᠬᠡᠢ ᠰᠠᠶᠢᠳ ᠠᠨᠸᠠᠷ ᠪᠣᠯᠣᠨ ᠠᠳᠡ ᠰᠠᠭᠤᠵᠤ ᠪᠠᠶᠢᠭ᠎ᠠ ᠨᠠᠶᠢᠵᠠ ᠨᠠᠷ ᠤᠨ ᠪᠡᠶ᠎ᠡ ᠮᠠᠬᠠᠪᠤᠳ ᠡᠷᠡᠭᠦᠯ | ᠴᠢᠭᠢᠷᠠᠭ᠂ ᠠᠯᠢᠪᠠ ᠪᠦᠬᠦᠨ ᠤᠷᠤᠭᠰᠢᠲᠠᠢ ᠪᠠᠶᠢᠬᠤ ᠶᠢ ᠵᠥᠩᠨᠡᠶ᠎ᠡ︕ | ᠳᠤᠮᠳᠠᠳᠤ ᠮᠠᠯᠠᠶᠢᠰᠢᠶ᠎ᠠ ᠶᠢᠨ ᠨᠥᠬᠦᠷᠯᠡᠯ ᠥᠨᠢ ᠮᠥᠩᠬᠡ ᠪᠠᠶᠢᠬᠤ ᠶᠢ ᠵᠥᠩᠨᠡᠶ᠎ᠡ︕ | ᠤᠯᠠᠨ ᠳᠤ ᠪᠠᠶᠠᠷᠯᠠᠯ᠎ᠠ︕ | ︵ᠰᠢᠨᠬᠤᠸᠠ ᠬᠤᠷᠢᠶ᠎ᠠ ᠶᠢᠨ ᠮᠠᠯᠠᠶᠢᠰᠢᠶ᠎ᠠ ᠶᠢᠨ ᠪᠦᠲ᠋ᠧᠯᠠᠵᠢᠶᠠᠶᠠ ᠶᠢᠨ 4 ᠰᠠᠷ᠎ᠠ ᠶᠢᠨ 16 ᠤ ᠴᠠᠬᠢᠯᠭᠠᠨ ᠮᠡᠳᠡᠭᠡ︶ | | |