ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ | ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 15 ᠤ | ᠡᠳᠦᠷ ᠪᠡᠭᠡᠵᠢᠩ ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ ᠴᠢᠬᠤᠯᠠᠴᠢᠯᠠᠬᠤ ᠳᠤ ᠪᠠᠨ᠂ ᠤᠯᠤᠰ ᠤᠨ | ᠳᠣᠲᠣᠭᠠᠳᠤ ᠶᠢᠨ ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠬᠡᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠭᠠᠳᠠᠭᠠᠳᠤ ᠶᠢᠨ ᠳᠠᠭᠠᠷᠢᠯᠲᠠ ᠠᠴᠠ | ᠪᠣᠯᠤᠭᠰᠠᠨ ᠬᠦᠴᠢᠷᠳᠡᠯ ᠪᠠ ᠥᠷᠢᠰᠦᠯᠳᠦᠭᠡᠨ ᠢ ᠯᠠᠪᠳᠠᠭᠤᠨ ᠢᠶᠠᠷ ᠠᠷᠭᠠᠴᠠᠭᠠᠵᠤ᠂ ᠨᠡᠩ ᠶᠡᠭᠡ ᠡᠷᠴᠢᠮ ᠢᠶᠠᠷ | ᠬᠡᠷᠡᠭᠯᠡᠭᠡ ᠶᠢ ᠠᠬᠢᠭᠤᠯᠤᠨ᠂ ᠳᠣᠲᠣᠭᠠᠳᠤ ᠬᠡᠷᠡᠭᠴᠡᠭᠡ ᠶᠢ ᠥᠷᠭᠡᠳᠬᠡᠨ᠂ ᠤᠯᠤᠰ ᠤᠨ ᠳᠣᠲᠣᠭᠠᠳᠤ ᠶᠢᠨ ᠶᠡᠭᠡ | ᠣᠷᠴᠢᠯ ᠢ ᠬᠦᠴᠦᠷᠬᠡᠭᠵᠢᠭᠦᠯᠵᠦ᠂ ᠮᠠᠨ ᠤ ᠤᠯᠤᠰ ᠤᠨ ᠬᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠪᠠ ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠢ ᠭᠡᠵᠡᠢ᠃ | | | | | | 4 ᠳ᠋ᠦ᠋ᠭᠡᠷ ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠴᠢᠶᠠᠩ ᠪᠡᠭᠡᠵᠢᠩ ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃ ᠵᠢᠷᠤᠭ ᠪᠣᠯ ᠯᠢ ᠴᠢᠶᠠᠩ | ᠭᠠᠳᠠᠭᠠᠳᠤ ᠠᠷᠠᠯᠵᠢᠶᠠᠨ ᠤ ᠰᠢᠯᠢᠳᠡᠭ ᠪᠦᠲᠦᠭᠡᠭᠳᠡᠬᠦᠨ ᠤ ᠵᠥᠩ ᠬᠤᠸᠠ ᠬᠠᠩ ᠤᠨ ᠰᠢ ᠳ᠋ᠠᠨ ᠳ᠋ᠠ ᠶᠤᠸᠠᠢ | ᠴᠧᠩ ᠤᠨ ᠳᠡᠯᠭᠡᠨ ᠪᠣᠷᠣᠯᠠᠭᠤᠯᠬᠤ ᠲᠤᠬᠠᠢ ᠶᠢᠨ ᠲᠠᠯᠠᠪᠤᠷ ᠲᠤ ᠪᠦᠲᠦᠭᠡᠭᠳᠡᠬᠦᠨ ᠢᠶᠠᠨ ᠭᠠᠳᠠᠭᠠᠳᠤ ᠳᠤ ᠭᠠᠷᠭᠠᠵᠤ | ᠪᠠᠶᠢᠭ᠎ᠠ ᠪᠠ ᠳᠣᠲᠣᠭᠠᠳᠤ ᠳᠤ ᠪᠠᠨ ᠪᠣᠷᠣᠯᠠᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ | ᠯᠢ ᠴᠢᠶᠠᠩ ᠵᠢᠭᠠᠵᠤ ᠭᠠᠷᠭᠠᠬᠤ ᠳᠤ ᠪᠠᠨ᠂ ᠣᠳᠣᠬᠠᠨ ᠳᠤ ᠭᠠᠳᠠᠭᠠᠳᠤ ᠣᠷᠴᠢᠨ ᠨᠥᠬᠦᠴᠡᠯ ᠳᠤ ᠭᠦᠨᠵᠡᠭᠡᠢ | ᠬᠤᠪᠢᠷᠠᠯᠲᠠ ᠭᠠᠷᠴᠤ᠂ ᠮᠠᠨ ᠤ ᠤᠯᠤᠰ ᠤᠨ ᠭᠠᠳᠠᠭᠠᠳᠤ ᠭᠠᠷᠭᠠᠯᠲᠠ ᠳᠤ ᠠᠰᠢᠭ ᠦᠭᠡᠢ ᠨᠥᠯᠥᠭᠡ ᠦᠵᠡᠭᠦᠯᠵᠦ | ᠪᠠᠶᠢᠨ᠎ᠠ᠃ ᠤᠯᠠᠨ ᠢᠶᠠᠷ ᠢᠶᠠᠨ ᠪᠦᠯᠬᠦᠮᠳᠡᠨ ᠨᠢᠭᠡᠳᠴᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠦᠴᠢᠷ | ᠪᠡᠷᠬᠡ ᠶᠢ ᠢᠯᠠᠨ ᠳᠠᠪᠠᠵᠤ ᠡᠷᠡᠯᠬᠡᠭᠯᠡᠨ ᠤᠷᠤᠭᠰᠢᠯᠠᠵᠤ᠂ ᠤᠯᠠᠨ ᠡᠰᠢᠴᠢᠯᠡᠭᠰᠡᠨ ᠵᠠᠬ᠎ᠠ ᠳᠡᠯᠭᠡᠭᠦᠷ ᠢ ᠢᠳᠡᠪᠬᠢᠲᠡᠢ ᠪᠠᠷ | ᠨᠡᠭᠡᠭᠡᠵᠦ᠂ ᠠᠷᠠᠯᠵᠢᠶᠠᠨ ᠤ ᠠᠷᠭ᠎ᠠ ᠵᠠᠮ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠭᠠᠳᠠᠭᠠᠳᠤ ᠠᠷᠠᠯᠵᠢᠶᠠᠨ ᠤ | ᠦᠨᠳᠦᠰᠦᠨ ᠪᠠᠶᠢᠳᠠᠯ ᠢ ᠴᠢᠷᠮᠠᠶᠢᠨ ᠲᠣᠭᠲᠠᠪᠤᠷᠢᠵᠢᠭᠤᠯᠬᠤ ᠬᠡᠷᠡᠭᠲᠡᠢ᠃ ᠡᠯ᠎ᠡ ᠲᠦᠷᠦᠯ ᠤᠨ ᠲᠦᠷᠦ ᠶᠢᠨ | ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠷᠢᠮᠵᠢᠶ᠎ᠠ ᠶᠢ | ᠵᠣᠯᠭᠠᠭᠤᠯᠬᠤ ᠶᠢ ᠰᠠᠶᠢᠲᠤᠷ ᠬᠢᠵᠦ᠂ ᠭᠠᠳᠠᠭᠠᠳᠤ ᠠᠷᠠᠯᠵᠢᠶᠠᠨ ᠤ ᠰᠢᠯᠢᠳᠡᠭ ᠪᠦᠲᠦᠭᠡᠭᠳᠡᠬᠦᠨ ᠢᠶᠠᠷ ᠳᠣᠲᠣᠭᠠᠳᠤ | ᠪᠣᠷᠤᠯᠠᠭᠤᠯᠭ᠎ᠠ ᠶᠢ ᠥᠷᠭᠡᠳᠬᠡᠬᠦ ᠲᠠᠪᠴᠠᠩ ᠢ ᠪᠠᠶᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ | ᠪᠡᠶ᠎ᠡ ᠪᠠᠨ ᠳᠠᠭᠠᠭᠠᠭᠰᠠᠨ ᠲᠦᠷᠦᠯ ᠲᠡᠮᠳᠡᠭ ᠢ ᠪᠣᠶᠢᠵᠢᠭᠤᠯᠵᠤ᠂ ᠠᠵᠤ ᠠᠬᠤᠶᠢᠯᠠᠯ ᠳᠤ ᠰᠢᠭᠤᠳ ᠬᠦᠷᠬᠦ ᠲᠦᠷᠦ ᠶᠢᠨ | ᠪᠣᠳᠣᠯᠭ᠎ᠠ ᠶᠢ ᠤᠬᠠᠭᠤᠯᠤᠨ ᠲᠠᠨᠢᠯᠴᠠᠭᠤᠯᠬᠤ ᠲᠣᠭᠲᠠᠴᠠ ᠶᠢ ᠪᠠᠶᠢᠭᠤᠯᠵᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ | ᠨᠢᠭᠡ ᠴᠣᠭᠴᠠᠵᠢᠭᠤᠯᠤᠨ ᠬᠥᠭᠵᠢᠭᠦᠯᠬᠦ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠬᠡᠷᠡᠭᠯᠡᠭᠡ ᠶᠢ ᠬᠥᠭᠵᠢᠭᠡᠬᠦ | ᠲᠤᠰᠬᠠᠢ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ | ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠨᠡᠩ ᠶᠡᠭᠡ ᠬᠦᠴᠦ | ᠣᠷᠣᠭᠤᠯᠵᠤ᠂ ᠬᠡᠷᠡᠭᠯᠡᠭᠡ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠡᠷᠡᠭᠯᠡᠭᠡ ᠶᠢᠨ | ᠬᠦᠰᠡᠯᠲᠡ ᠶᠢ ᠨᠡᠮᠡᠭᠳᠡᠭᠦᠯᠵᠦ᠂ ᠳᠣᠲᠣᠭᠠᠳᠤ ᠬᠡᠷᠡᠭᠴᠡᠭᠡ ᠶᠢᠨ ᠨᠡᠮᠡᠭᠳᠡᠯ ᠤᠨ ᠵᠠᠬ᠎ᠠ ᠳᠡᠯᠭᠡᠭᠦᠷ ᠢ ᠪᠣᠶᠢᠵᠢᠭᠤᠯᠤᠨ | ᠪᠤᠵᠠᠭᠠᠶᠢᠷᠠᠭᠤᠯᠬᠤ ᠬᠡᠷᠡᠭᠲᠡᠢ᠃ ᠰᠠᠶᠢᠨ ᠲᠠᠯ᠎ᠠ ᠶᠢᠨ ᠥᠷᠢᠰᠦᠯᠳᠦᠭᠡᠨ ᠢ ᠠᠬᠢᠭᠤᠯᠵᠤ᠂ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠪᠠᠶᠢᠭᠠᠳ ᠳᠠᠪᠠᠭᠤᠯᠢᠭ ᠲᠠᠯ᠎ᠠ ᠳᠤ ᠪᠠᠨ ᠰᠠᠭᠤᠷᠢᠯᠠᠨ ᠵᠥᠷᠢᠶ᠎ᠡ ᠲᠠᠢ ᠪᠠᠷ ᠬᠥᠭᠵᠢᠭᠦᠯᠵᠦ᠂ | ᠦᠢᠯᠡᠳᠬᠦᠨ ᠪᠠ ᠦᠢᠯᠡᠴᠢᠯᠡᠭᠡ ᠶᠢᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠶᠢ ᠡᠭᠦᠳᠬᠦ ᠪᠠᠷ ᠳᠠᠮᠵᠢᠭᠤᠯᠤᠨ | ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠵᠦ᠂ ᠴᠢᠨᠠᠷ ᠰᠠᠶᠢᠲᠠᠢ ᠬᠠᠩᠭᠠᠯᠭ᠎ᠠ ᠪᠠᠷ ᠰᠢᠨ᠎ᠡ ᠬᠡᠷᠡᠭᠴᠡᠭᠡ ᠶᠢ ᠪᠤᠢ | ᠪᠣᠯᠭᠠᠬᠤ ᠬᠡᠷᠡᠭᠲᠡᠢ ᠭᠡᠵᠡᠢ᠃ | | | | | | 4 ᠳ᠋ᠦ᠋ᠭᠡᠷ ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠴᠢᠶᠠᠩ ᠪᠡᠭᠡᠵᠢᠩ ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃ ᠡᠨᠡ ᠪᠣᠯ ᠯᠢ ᠴᠢᠶᠠᠩ ᠪᠧᠢ ᠲᠧᠦ | ᠺᠧ ᠴᠤᠸᠠᠩ ᠨᠡᠶᠢᠭᠡᠮ ᠲᠣᠭᠤᠷᠢᠭ ᠤᠨ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠲᠥᠷᠥᠯ ᠵᠦᠢᠯ ᠤᠨ | ᠲᠤᠬᠠᠢ ᠶᠢᠨ ᠲᠠᠯᠠᠪᠤᠷ ᠲᠤ ᠦᠯᠡᠳᠡᠭᠡᠯ ᠭᠡᠷ ᠪᠠᠶᠢᠰᠢᠩ ᠢ ᠭᠦᠢᠯᠭᠡᠭᠡᠨ ᠳᠤ ᠣᠷᠣᠭᠤᠯᠵᠤ ᠳᠠᠬᠢᠨ ᠠᠰᠢᠭᠯᠠᠬᠤ᠂ | ᠲᠠᠸᠠᠷ ᠤᠨ ᠣᠷᠣᠨ ᠰᠠᠭᠤᠴᠠ ᠶᠢ ᠴᠢᠳᠠᠪᠤᠷᠢᠲᠠᠨ ᠤ ᠨᠡᠶᠢᠲᠡ ᠶᠢᠨ ᠪᠠᠶᠢᠷᠢ ᠪᠣᠯᠭᠠᠨ ᠬᠤᠪᠢᠷᠠᠭᠤᠯᠬᠤ ᠲᠥᠷᠥᠯ ᠵᠦᠢᠯ | ᠵᠡᠷᠭᠡ ᠪᠠᠶᠢᠳᠠᠯ ᠢ ᠪᠠᠶᠢᠴᠠᠭᠠᠨ ᠰᠤᠳᠤᠯᠵᠤ ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠷᠣᠣ ᠠᠢ | ᠮᠢᠨ ᠰᠡᠭᠦᠳᠡᠷᠯᠡᠪᠡ | ᠪᠧᠢ ᠲᠧᠦ ᠺᠧ ᠴᠤᠸᠠᠩ ᠨᠡᠶᠢᠭᠡᠮ ᠲᠣᠭᠤᠷᠢᠭ ᠤᠨ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠲᠥᠷᠥᠯ | ᠵᠦᠢᠯ ᠤᠨ ᠲᠤᠬᠠᠢ ᠶᠢᠨ ᠲᠠᠯᠠᠪᠤᠷ ᠲᠤ᠂ ᠯᠢ ᠴᠢᠶᠠᠩ ᠪᠡᠭᠡᠵᠢᠩ ᠬᠤᠲᠠ ᠶᠢᠨ ᠦᠯᠡᠳᠡᠭᠡᠯ ᠭᠡᠷ ᠪᠠᠶᠢᠰᠢᠩ ᠢ | ᠭᠦᠢᠯᠭᠡᠭᠡᠨ ᠳᠤ ᠣᠷᠣᠭᠤᠯᠤᠨ ᠳᠠᠬᠢᠨ ᠠᠰᠢᠭᠯᠠᠬᠤ᠂ ᠲᠠᠸᠠᠷ ᠤᠨ ᠣᠷᠣᠨ ᠰᠠᠭᠤᠴᠠ ᠶᠢ ᠴᠢᠳᠠᠪᠤᠷᠢᠲᠠᠨ ᠤ | ᠨᠡᠶᠢᠲᠡ ᠶᠢᠨ ᠪᠠᠶᠢᠷᠢ ᠪᠣᠯᠭᠠᠨ ᠬᠤᠪᠢᠷᠠᠭᠤᠯᠬᠤ ᠲᠥᠷᠥᠯ ᠵᠦᠢᠯ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠥᠯᠢᠭᠡᠷ ᠶᠠᠩᠵᠤᠲᠤ ᠥᠷᠥᠭᠡ ᠪᠠ ᠣᠶᠢᠷ᠎ᠠ ᠬᠠᠪᠢ ᠶᠢᠨ ᠣᠷᠴᠢᠨ ᠲᠣᠭᠤᠷᠢᠨ ᠢ ᠨᠢ ᠪᠠᠶᠢᠴᠠᠭᠠᠨ | ᠦᠵᠡᠵᠦ᠂ ᠨᠡᠶᠢᠲᠡ ᠶᠢᠨ ᠪᠠᠶᠢᠷᠢ ᠳᠤ ᠣᠷᠣᠵᠤ ᠰᠠᠭᠤᠭᠰᠠᠨ ᠲᠤᠰᠬᠠᠢ ᠮᠡᠷᠭᠡᠵᠢᠯᠲᠡᠨ ᠯᠦᠭᠡ ᠶᠠᠷᠢᠯᠴᠠᠵᠤ᠂ ᠪᠡᠭᠡᠵᠢᠩ | ᠬᠤᠲᠠ ᠶᠢᠨ ᠬᠠᠮᠢᠶ᠎ᠠ ᠪᠦᠬᠦᠢ ᠠᠷᠭ᠎ᠠ ᠬᠢᠳᠡᠯ ᠢ ᠨᠤᠲᠠᠯᠠᠪᠠ᠃ | |