ᠴᠢᠩ ᠱᠦᠢ ᠾᠧ ᠰᠢᠶᠠᠨ ᠣᠶᠤᠨᠴᠢ ᠳᠤᠯᠠᠭᠠᠨ ᠢ ᠡᠵᠡᠮᠳᠡᠬᠦ ᠬᠦᠯᠡᠮᠵᠢ ᠶᠢᠨ ᠪᠦᠯᠦᠭᠵᠢᠯ ᠢ ᠪᠠᠶᠢᠭᠤᠯᠵᠤ᠂ AI ᠲᠣᠬᠢᠷᠠᠭᠤᠯᠭ᠎ᠠ ᠪᠠᠷ ᠳᠠᠮᠵᠢᠨ ᠵᠢᠮᠢᠰ ᠤᠨ ᠤᠨᠠᠯᠲᠠ ᠶᠢ ᠨᠡᠮᠡᠭᠳᠡᠭᠦᠯᠦᠨ ᠦᠷᠳᠡᠭ ᠢ ᠨᠡᠮᠡᠭᠳᠡᠭᠦᠯᠬᠦ ᠶᠢ ᠪᠡᠶᠡᠯᠡᠭᠦᠯᠵᠡᠢ
ᠨᠡᠶᠢᠲᠡᠯᠡᠭᠰᠡᠨ ᠴᠠᠭ᠄
2025/4/21
    ᠣᠶᠢᠷ᠎ᠠ ᠶᠢᠨ ᠵᠢᠯ ᠠᠴᠠ᠂ ᠴᠢᠩ ᠱᠦᠢ ᠾᠧ ᠰᠢᠶᠠᠨ ᠤ ᠬᠢᠨ ᠾᠦᠨ ᠾᠧ ᠲᠠᠨ ᠤᠳᠤ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠳᠤ ᠲᠦᠰᠢᠭᠯᠡᠨ᠂ 12 ᠲᠦᠮᠡᠨ ᠲᠡᠭᠰᠢ ᠳᠥᠷᠪᠡᠯᠵᠢᠨ ᠮᠧᠲᠷ ᠤᠨ ᠣᠶᠤᠨᠴᠢᠯᠠᠭᠰᠠᠨ ᠳᠤᠯᠠᠭᠠᠨ ᠢ ᠡᠵᠡᠮᠳᠡᠬᠦ ᠬᠦᠯᠡᠮᠵᠢ ᠶᠢ ᠪᠠᠶᠢᠭᠤᠯᠵᠠᠢ᠃ ᠬᠦᠯᠡᠮᠵᠢ ᠳᠤ ᠰᠢᠷᠣᠢ ᠦᠭᠡᠢ ᠰᠠᠭᠤᠷᠢ ᠡᠳ᠋ ᠪᠠᠷ ᠨᠡᠷᠰᠦ ᠳᠠᠷᠢᠬᠤ ᠶᠢᠨ ᠬᠠᠮᠲᠤ AI ᠰᠢᠢᠳᠪᠦᠷᠢᠲᠦ ᠪᠣᠳᠣᠯᠭ᠎ᠠ ᠲᠣᠭᠲᠠᠭᠠᠬᠤ ᠰᠢᠰᠲ᠋ᠧᠮ ᠢᠶᠠᠷ ᠳᠠᠮᠵᠢᠭᠤᠯᠤᠨ ᠡᠳᠦᠷ ᠪᠦᠷᠢ 248 ᠣᠷᠴᠢᠨ ᠲᠣᠭᠤᠷᠢᠨ ᠤ ᠰᠡᠷᠡᠯ ᠳᠠᠮᠵᠢᠭᠤᠯᠤᠭᠴᠢ ᠶᠢᠨ ᠲᠤᠭ᠎ᠠ ᠪᠠᠷᠢᠮᠲᠠ ᠳᠤ ᠵᠠᠳᠠᠯᠤᠯᠲᠠ ᠬᠢᠵᠦ᠂ ᠬᠡᠷᠡᠯ ᠤᠨ ᠲᠤᠰᠤᠯᠲᠠ᠂ ᠳᠤᠯᠠᠭᠠᠨ ᠴᠢᠭᠢᠭᠯᠢᠭ ᠤᠨ ᠬᠡᠮᠵᠢᠶ᠎ᠡ ᠵᠢᠴᠢ ᠰᠢᠮ᠎ᠡ ᠲᠡᠵᠢᠭᠡᠯ ᠤᠨ ᠰᠢᠩᠭᠡᠨ ᠤ ᠬᠠᠷᠢᠴᠠᠯ ᠢ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ ᠨᠡᠷᠰᠦ ᠨᠢᠭᠡᠪᠦᠷᠢ ᠶᠢᠨ ᠥᠰᠦᠯᠲᠡ ᠶᠢᠨ ᠣᠷᠴᠢᠨ ᠲᠣᠭᠤᠷᠢᠨ ᠢ ︽ᠲᠣᠭᠲᠠᠭᠠᠵᠤ︾ ᠥᠭᠳᠡᠭ᠃ ᠬᠦᠯᠡᠮᠵᠢ ᠳᠤ ᠨᠡᠷᠰᠦ ᠳᠠᠷᠢᠬᠤ ᠠᠴᠠ ᠠᠪᠤᠭᠠᠳ ᠵᠢᠮᠢᠰ ᠰᠠᠭᠤᠬᠤ ᠪᠣᠯᠲᠠᠯ᠎ᠠ ᠵᠥᠪᠬᠡᠨ 8 ᠰᠠᠷ᠎ᠠ ᠬᠡᠷᠡᠭᠰᠡᠨ᠎ᠡ᠂ ᠡᠨᠡ  ᠨᠢ ᠤᠯᠠᠮᠵᠢᠯᠠᠯᠲᠤ ᠵᠠᠭᠪᠤᠷ ᠠᠴᠠ 4 ᠰᠠᠷ᠎ᠠ ᠪᠣᠭᠤᠨᠢᠰᠴᠤ᠂ ᠵᠢᠯ ᠳᠤ 1800 ᠲᠣᠨ ᠨᠡᠷᠰᠦ ᠵᠡᠷᠭᠡ ᠵᠢᠮᠢᠰ ᠦᠢᠯᠡᠳᠪᠦᠷᠢᠯᠡᠵᠦ᠂ ᠵᠢᠯ ᠤᠨ ᠦᠢᠯᠡᠳᠬᠦᠨ ᠤ ᠥᠷᠲᠡᠭ ᠨᠢ 1.3 ᠳ᠋ᠦᠩᠰᠢᠭᠤᠷ ᠲᠥᠭᠦᠷᠢᠭ ᠢ ᠳᠠᠪᠠᠵᠠᠢ᠃ 
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1