ᠣᠶᠢᠷ᠎ᠠ ᠶᠢᠨ ᠬᠤᠭᠤᠴᠠᠭᠠᠨ ᠳᠤ᠂ ᠬᠥᠬᠡᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ 2025 ᠣᠨ ᠳᠤ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ᠦᠨᠡᠯᠡᠬᠦ ᠪᠠᠷ | ᠪᠠᠶᠢᠭ᠎ᠠ ᠨᠡᠷᠡᠰ ᠢ ᠨᠡᠶᠢᠲᠡᠯᠡᠵᠦ᠂ ᠴᠢᠩ ᠱᠦᠢ ᠾᠧ ᠰᠢᠶᠠᠨ ᠤ ᠶᠢᠦ ᠡᠾᠧᠩ ᠶᠤᠸᠠᠨ ᠭᠤᠤᠯᠢᠩ ᠰᠢᠷᠣᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 5 ᠠᠵᠤ ᠠᠬᠤᠶᠢᠯᠠᠯ ᠠᠮᠵᠢᠯᠲᠠ ᠲᠠᠢ ᠪᠠᠷ | ᠰᠣᠩᠭᠤᠭᠳᠠᠪᠠ᠃ | ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠭᠡᠳᠡᠭ ᠨᠢ ᠦᠢᠯᠡᠳᠬᠦᠨ᠂ ᠲᠧᠭᠨᠢᠭ | ᠮᠡᠷᠭᠡᠵᠢᠯ᠂ ᠬᠠᠮᠢᠶᠠᠷᠤᠯᠲᠠ᠂ ᠬᠡᠪ ᠵᠠᠭᠪᠤᠷ ᠵᠡᠷᠭᠡ ᠲᠠᠯ᠎ᠠ ᠪᠠᠷ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ ᠵᠠᠬ᠎ᠠ | ᠳᠡᠯᠭᠡᠭᠦᠷ ᠢ ᠨᠠᠷᠢᠨ ᠬᠤᠪᠢᠶᠠᠬᠤ ᠳᠤ ᠠᠩᠬᠠᠷᠤᠯ ᠢᠶᠠᠨ ᠲᠥᠪᠯᠡᠷᠡᠭᠦᠯᠦᠭᠰᠡᠨ᠂ ᠪᠤᠶᠢᠵᠢᠯᠲᠠ ᠶᠢᠨ ᠴᠢᠨᠠᠷ ᠢᠶᠠᠷ ᠰᠠᠶᠢᠨ | ᠳᠤᠮᠳᠠ ᠪᠠᠭ᠎ᠠ ᠠᠵᠤ ᠠᠬᠤᠶᠢᠯᠠᠯ ᠢ ᠵᠢᠭᠠᠵᠤ ᠪᠠᠶᠢᠨ᠎ᠠ᠂ ᠲᠡᠷᠡ ᠨᠢ ᠨᠡᠯᠢᠶᠡᠳ ᠥᠨᠳᠥᠷ ᠲᠤᠰᠬᠠᠶᠢᠵᠢᠭᠰᠠᠨ ᠬᠢᠷᠢ | ᠬᠡᠮᠵᠢᠶ᠎ᠡ᠂ ᠨᠡᠯᠢᠶᠡᠳ ᠴᠢᠩᠭ᠎ᠠ ᠰᠢᠨ᠎ᠡ ᠶᠢ ᠡᠭᠦᠳᠬᠦ ᠴᠢᠳᠠᠪᠤᠷᠢ ᠪᠠ ᠬᠥᠭᠵᠢᠯᠲᠡ ᠶᠢᠨ ᠲᠠᠯᠳᠠ ᠬᠦᠴᠦᠨ ᠪᠣᠯ ᠴᠢᠨᠠᠷ | ᠰᠠᠶᠢᠲᠠᠢ ᠳᠤᠮᠳᠠ ᠪᠠᠭ᠎ᠠ ᠠᠵᠤ ᠠᠬᠤᠶᠢᠯᠠᠯ ᠤᠨ ᠰᠠᠭᠤᠷᠢ ᠬᠦᠴᠦᠨ ᠮᠥᠨ᠃ ᠬᠤᠳᠠ ᠶᠢᠨ ᠲᠡᠰ ᠤᠨ ᠰᠢᠨ᠎ᠡ ᠶᠢ | ᠡᠭᠦᠳᠬᠦ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ᠪᠣᠶᠢᠵᠢᠭᠤᠯᠬᠤ ᠪᠣᠯ ᠮᠠᠨ ᠤ ᠰᠢᠶᠠᠨ ᠤ ᠳᠤᠮᠳᠠ ᠪᠠᠭ᠎ᠠ | ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶᠡᠨ ᠤ ᠨᠢᠭᠡ ᠪᠣᠯᠣᠨ᠎ᠠ | ᠂ ᠮᠥᠨᠴᠦ ᠬᠤᠳᠠ ᠶᠢᠨ ᠲᠡᠰ ᠤᠨ ᠲᠤᠰᠬᠠᠢ ᠨᠠᠷᠢᠯᠢᠭ ᠣᠨᠴᠠ ᠰᠢᠨ᠎ᠡ ᠳᠤᠮᠳᠠ ᠪᠠᠭ᠎ᠠ ᠠᠵᠤ ᠠᠬᠤᠶᠢᠯᠠᠯ ᠢ | ᠪᠣᠶᠢᠵᠢᠭᠤᠯᠬᠤ ᠶᠢᠨ ᠴᠢᠬᠤᠯᠠ ᠪᠦᠬᠦᠢ ᠤᠷᠢᠳᠴᠢᠯᠠᠭᠰᠠᠨ ᠨᠥᠬᠦᠴᠡᠯ ᠪᠣᠯᠣᠨ᠎ᠠ᠃ | |