ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 18 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠠᠵᠢᠯ | ᠣᠯᠭᠤᠯᠲᠠ ᠪᠠ ᠠᠵᠤ ᠠᠬᠤᠢ ᠶᠢ ᠲᠣᠭᠲᠠᠪᠤᠷᠢᠵᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠭ᠎ᠠ | ᠬᠡᠮᠵᠢᠶ᠎ᠡ ᠨᠦᠭᠦᠳ ᠢ ᠰᠤᠳᠤᠯᠵᠤ᠂ ︽3 · 15︾ ᠦᠳᠡᠰᠢᠯᠡᠭᠡ ᠪᠠᠷ ᠢᠯᠡᠴᠢᠯᠡᠭᠰᠡᠨ ᠠᠰᠠᠭᠤᠳᠠᠯ ᠢ | ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠨᠡᠶᠢᠭᠡᠮ ᠤᠨ ᠠᠪᠤᠷᠠᠨ ᠲᠤᠰᠠᠯᠠᠬᠤ ᠬᠠᠤᠯᠢ ︵ᠡᠬᠡ ᠲᠥᠰᠥᠯ︶︾ ᠶᠢ ᠶᠠᠷᠢᠯᠴᠠᠵᠤ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠷᠭᠤᠮᠠᠯ ᠤᠨ ᠰᠢᠨ᠎ᠡ ᠦᠷ᠎ᠡ ᠡᠭᠦᠯᠳᠡᠷ ᠢ ᠬᠠᠮᠠᠭᠠᠯᠠᠬᠤ | ᠳᠦᠷᠢᠮ ︵ᠵᠠᠰᠠᠪᠤᠷᠢ ᠣᠷᠣᠭᠤᠯᠤᠭᠰᠠᠨ ᠡᠬᠡ ᠲᠥᠰᠥᠯ︶︾ ᠢ ᠬᠢᠨᠠᠨ ᠶᠠᠷᠢᠯᠴᠠᠵᠤ ᠪᠠᠲᠤᠯᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠭᠠᠳᠠᠭᠠᠳᠤ | ᠣᠷᠴᠢᠨ ᠳᠤ ᠬᠠᠨᠳᠤᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠶᠢ | ᠭᠦᠨᠵᠡᠭᠡᠢ ᠲᠤᠭᠤᠰᠢᠯᠠᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠳᠣᠷᠬᠠᠶᠢᠯᠠᠭᠰᠠᠨ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠦᠴᠦᠯᠡᠨ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠠᠷᠠᠯᠲᠠ ᠶᠢ ᠲᠣᠭᠲᠠᠭᠠᠨ᠂ ᠰᠥᠷᠭᠡᠦ ᠦᠶᠡᠯᠡᠯ ᠤᠨ ᠲᠣᠬᠢᠷᠠᠭᠤᠯᠤᠯᠲᠠ ᠶᠢᠨ ᠡᠷᠴᠢᠮ ᠢ | ᠴᠢᠩᠭᠠᠷᠠᠭᠤᠯᠵᠤ᠂ ᠠᠵᠢᠯ ᠣᠯᠭᠤᠯᠲᠠ ᠪᠠ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠪᠠᠷ ᠬᠦᠴᠦᠯᠡᠨ | ᠴᠢᠷᠮᠠᠶᠢᠵᠤ᠂ ᠬᠡᠷᠡᠭᠯᠡᠭᠡ ᠶᠢ ᠠᠬᠢᠭᠤᠯᠤᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠷ ᠬᠦᠴᠦᠯᠡᠨ ᠴᠢᠷᠮᠠᠶᠢᠵᠤ᠂ | ᠪᠦᠲᠦᠴᠡ ᠶᠢ ᠰᠢᠯᠢᠳᠡᠭᠵᠢᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ ᠤᠯᠤᠰ ᠤᠨ | ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠦᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠠᠵᠢᠯ ᠣᠯᠭᠤᠯᠲᠠ ᠶᠢ ᠢᠳᠡᠪᠬᠢᠲᠡᠢ | ᠲᠣᠭᠲᠠᠪᠤᠷᠢᠵᠢᠭᠤᠯᠤᠨ᠂ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠵᠤ᠂ | ᠬᠥᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠳᠡᠮᠵᠢᠯᠭᠡ ᠶᠢ ᠥᠷᠭᠡᠳᠬᠡᠵᠦ᠂ ᠠᠵᠢᠯ ᠣᠯᠭᠤᠯᠲᠠ ᠳᠤ | ᠤᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠢ᠃ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ | ᠬᠥᠭᠵᠢᠯᠲᠡ ᠶᠢ ᠲᠣᠭᠲᠠᠪᠤᠷᠢᠵᠢᠭᠤᠯᠵᠤ᠂ ᠨᠢᠭᠡ ᠠᠵᠢᠯ ᠲᠦᠷᠦᠯ ᠳᠤ ᠨᠢᠭᠡ ᠠᠷᠭ᠎ᠠ ᠪᠣᠳᠣᠯᠭ᠎ᠠ᠂ ᠨᠢᠭᠡ ᠠᠵᠤ | ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ | ᠪᠡᠯᠡ ᠶᠢᠨ ᠠᠵᠤ ᠠᠬᠤᠶᠢᠯᠠᠯ ᠤᠨ ᠬᠢᠯᠢ ᠶᠢᠨ ᠳᠣᠲᠣᠭᠠᠳᠤ ᠳᠠᠬᠢ ᠳᠠᠬᠢᠨᠲᠠ ᠪᠡᠯᠡ ᠣᠷᠣᠭᠤᠯᠬᠤ ᠶᠢ ᠳᠡᠮᠵᠢᠬᠦ | ᠬᠡᠷᠡᠭᠲᠡᠢ᠃ ᠨᠠᠰᠤᠵᠢᠯ ᠤᠨ ᠠᠰᠠᠷᠠᠮᠵᠢ᠂ ᠦᠷᠡᠵᠢᠯ᠂ ᠰᠣᠶᠣᠯ᠂ ᠵᠢᠭᠤᠯᠴᠢᠯᠠᠯ ᠵᠡᠷᠭᠡ ᠦᠢᠯᠡᠴᠢᠯᠡᠭᠡᠨ ᠤ ᠬᠡᠷᠡᠭᠯᠡᠭᠡ ᠶᠢ | ᠠᠬᠢᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ᠂ ᠠᠷᠠᠳ ᠤᠨ ᠳᠤᠮᠳᠠᠬᠢ ᠪᠡᠯᠡ | ᠣᠷᠣᠭᠤᠯᠤᠯᠲᠠ ᠶᠢᠨ ᠢᠳᠡᠪᠬᠢᠵᠢᠯ ᠢ ᠶᠡᠭᠡ ᠪᠠᠷ ᠬᠥᠭᠵᠢᠭᠡᠬᠦ ᠬᠡᠷᠡᠭᠲᠡᠢ᠃ ᠰᠲ᠋ᠣᠺ ᠤᠨ ᠵᠠᠬ᠎ᠠ ᠳᠡᠯᠭᠡᠭᠦᠷ ᠢ | ᠦᠷᠭᠦᠯᠵᠢᠯᠡᠨ ᠲᠣᠭᠲᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ | ᠡᠷᠡᠭᠦᠯ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ | ᠬᠡᠷᠡᠭᠵᠢᠭᠦᠯᠦᠮᠡᠭᠴᠡ ᠠᠵᠤ ᠠᠬᠤᠶᠢᠯᠠᠯ ᠪᠠ ᠤᠯᠠᠨ ᠲᠦᠮᠡᠨ ᠳᠤ ᠰᠢᠭᠤᠳ ᠠᠰᠢᠭ ᠬᠦᠷᠲᠡᠭᠡᠬᠦ ᠪᠣᠯᠭᠠᠵᠤ᠂ | ᠨᠠᠶᠢᠳᠠᠪᠤᠷᠢᠵᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠡᠷᠡᠭᠵᠢᠭᠦᠯᠬᠦ ᠦᠷ᠎ᠡ ᠪᠦᠲᠦᠮᠵᠢ ᠶᠢ ᠦᠨᠡᠨ ᠬᠦ | ᠪᠠᠲᠤᠯᠠᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ︽3 · 15︾ ᠦᠳᠡᠰᠢᠯᠡᠭᠡ ᠪᠠᠷ ᠢᠯᠡᠴᠢᠯᠡᠭᠰᠡᠨ | ᠠᠰᠠᠭᠤᠳᠠᠯ ᠢ ᠰᠢᠢᠳᠪᠦᠷᠢᠯᠡᠬᠦ ᠠᠵᠢᠯ ᠨᠢᠭᠡᠨᠲᠡ ᠱᠠᠲᠤᠴᠢ ᠴᠢᠨᠠᠷᠲᠠᠢ ᠠᠬᠢᠴᠠ ᠲᠠᠢ ᠪᠣᠯᠵᠠᠢ᠂ ᠨᠢᠭᠡ ᠠᠴᠠ | ᠨᠥᠭᠦᠭᠡ ᠶᠢ ᠵᠦᠢᠴᠢᠯᠡᠬᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠨ᠂ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠤᠷᠢᠳᠴᠢᠯᠠᠨ ᠰᠡᠷᠭᠡᠶᠢᠯᠡᠬᠦ ᠠᠵᠢᠯ ᠢ ᠴᠢᠩᠭᠠᠳᠬᠠᠵᠤ᠂ | ᠠᠷᠠᠳ ᠤᠨ ᠠᠮᠢᠳᠤᠷᠠᠯ ᠤᠨ ᠬᠠᠯᠠᠮᠰᠢᠯ ᠳᠤ ᠠᠩᠬᠠᠷᠤᠯ ᠢᠶᠠᠨ ᠲᠥᠪᠯᠡᠷᠡᠭᠦᠯᠦᠨ ᠶᠠᠰᠤ ᠴᠢᠨᠠᠷ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠬᠡᠯᠬᠢᠶ᠎ᠡ ᠳᠠᠬᠢ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠤᠨ ᠠᠳᠬᠤᠵᠤ᠂ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠬᠡᠵᠦ᠂ ᠠᠮᠤᠷ ᠲᠦᠪᠰᠢᠨ ᠮᠥᠷᠲᠡᠭᠡᠨ ᠰᠠᠨᠠᠭ᠎ᠠ | ᠠᠮᠤᠷ ᠬᠡᠷᠡᠭᠯᠡᠭᠡ ᠶᠢᠨ ᠣᠷᠴᠢᠨ ᠨᠥᠬᠦᠴᠡᠯ ᠢ ᠪᠤᠶ ᠪᠣᠯᠭᠠᠬᠤ ᠬᠡᠷᠡᠭᠲᠡᠢ᠃ ᠦᠨᠳᠦᠰᠦᠨ ᠱᠠᠲᠤᠨ ᠤ ᠬᠢᠨᠠᠨ | ᠬᠠᠮᠢᠶᠠᠷᠬᠤ ᠴᠢᠳᠠᠪᠤᠷᠢ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠠ ᠬᠢᠨᠠᠨ ᠬᠠᠮᠢᠶᠠᠷᠬᠤ ᠬᠦᠴᠦᠨ ᠢᠶᠠᠨ ᠦᠨᠳᠦᠰᠦᠨ ᠱᠠᠲᠤ ᠲᠡᠶᠢᠰᠢ ᠪᠠᠭᠤᠯᠭᠠᠬᠤ ᠶᠢ ᠠᠬᠢᠭᠤᠯᠵᠤ᠂ | ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠬᠡᠷᠡᠭᠯᠡᠬᠦ ᠶᠢ ᠴᠢᠬᠤᠯᠠᠴᠢᠯᠠᠵᠤ᠂ ᠬᠢᠨᠠᠨ ᠬᠠᠮᠢᠶᠠᠷᠬᠤ ᠶᠢᠨ | ᠤᠷᠢᠳᠴᠢᠯᠠᠨ ᠮᠡᠳᠡᠬᠦ ᠴᠢᠨᠠᠷ᠂ ᠣᠨᠣᠴᠠᠲᠠᠢ ᠴᠢᠨᠠᠷ ᠪᠠ ᠬᠤᠭᠤᠴᠠᠭᠠᠲᠤ ᠴᠢᠨᠠᠷ ᠢ ᠦᠨᠡᠨ ᠬᠦ ᠳᠡᠭᠡᠭᠰᠢᠯᠡᠭᠦᠯᠬᠦ | ᠬᠡᠷᠡᠭᠲᠡᠢ᠃ ᠨᠡᠪᠲᠡ ᠬᠡᠯᠪᠡᠷᠢ ᠪᠦᠬᠦᠢ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠵᠤ᠂ | ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ | ᠠᠬᠢᠭᠤᠯᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | |