ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠭ᠎ᠠ | ᠪᠠᠷᠢᠮᠲᠠ ᠶᠢ ᠬᠢᠨᠠᠨ ᠬᠡᠮᠵᠢᠵᠦ ᠵᠠᠳᠠᠯᠤᠭᠰᠠᠨ ᠢᠶᠠᠷ᠂ 2025 ᠣᠨ ᠤ ᠬᠠᠩᠰᠢ ᠶᠢᠨ ᠠᠮᠠᠷᠠᠯᠲᠠ ᠶᠢᠨ | ᠬᠤᠭᠤᠴᠠᠭᠠᠨ ᠳᠤ᠂ ᠥᠪᠥᠷ ᠮᠣᠩᠭᠤᠯ ᠤᠨ ᠬᠢᠨ ᠤᠯᠤᠰ ᠤᠨ ᠳᠣᠲᠣᠭᠠᠳᠤ ᠶᠢᠨ ᠵᠤᠭᠠᠴᠠᠭᠰᠠᠳ ᠢ ᠨᠡᠶᠢᠲᠡ 808. | 45 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 5.89% ᠪᠠᠷ | ᠨᠡᠮᠡᠭᠳᠡᠪᠡ︔ ᠤᠯᠤᠰ ᠤᠨ ᠲᠣᠳᠤᠭᠠᠳᠤᠬᠢ ᠭᠠᠳᠠᠭᠰᠢ ᠭᠠᠷᠴᠤ ᠵᠤᠭᠠᠴᠠᠬᠤ ᠶᠡᠷᠦᠩᠬᠡᠢ ᠰᠦᠢᠳᠬᠡᠯ ᠨᠡᠶᠢᠲᠡ 53. | 35 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.03% ᠪᠠᠷ ᠨᠡᠮᠡᠭᠳᠡᠵᠡᠢ᠃ | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠠᠮᠠᠷᠠᠯᠲᠠ ᠶᠢᠨ ᠬᠤᠭᠤᠴᠠᠭᠠᠨ ᠳᠤ᠂ ︽ᠥᠪᠡᠷ ᠢᠶᠠᠨ ᠲᠡᠷᠭᠡ | ᠵᠢᠯᠤᠭᠤᠳᠬᠤ + ᠪᠠᠭᠤᠳᠠᠯ︾ ᠢᠶᠠᠷ ᠭᠤᠣᠯ ᠪᠣᠯᠭᠠᠭᠰᠠᠨ ᠣᠶᠢᠷ᠎ᠠ ᠵᠠᠮ ᠤᠨ ᠰᠡᠯᠡᠭᠦᠴᠡᠯ ᠨᠢ ᠭᠤᠣᠯ ᠤᠷᠤᠰᠬᠠᠯ | ᠪᠣᠯᠣᠭᠰᠠᠨ ᠪᠠᠶᠢᠨ᠎ᠠ᠃ ᠥᠪᠥᠷ ᠮᠣᠩᠭᠤᠯ ᠤᠨ ᠡᠯ᠎ᠡ ᠭᠠᠵᠠᠷ ᠤᠨ ᠬᠢᠨ ᠤᠯᠠᠨ ᠡᠰᠢᠴᠢᠯᠡᠭᠰᠡᠨ ᠰᠣᠶᠣᠯ | ᠵᠤᠭᠠᠴᠠᠯ ᠤᠨ ᠠᠵᠢᠯᠯᠠᠭ᠎ᠠ ᠦᠷᠨᠢᠭᠦᠯᠦᠨ᠂ ᠬᠠᠪᠤᠷ ᠤᠨ ᠤᠯᠠᠷᠢᠯ ᠤᠨ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ | ᠨᠡᠮᠡᠭᠳᠡᠭᠰᠡᠨ ᠲᠠᠢ᠂ ᠵᠤᠭᠠᠴᠠᠭᠰᠠᠳ ᠤᠨ ᠬᠦᠯᠢᠶᠡᠨ ᠠᠪᠬᠤ ᠬᠡᠮᠵᠢᠶ᠎ᠡ ᠶᠢ 808 ᠲᠦᠮᠡᠨ ᠬᠥᠮᠥᠨ ᠤᠳᠠᠭ᠎ᠠ ᠠᠴᠠ | ᠳᠠᠪᠠᠭᠤᠯᠬᠤ ᠶᠢ ᠠᠬᠢᠭᠤᠯᠪᠠ᠃ ᠠᠶᠠᠯᠠᠯ ᠵᠢᠭᠤᠯᠴᠢᠯᠠᠯ ᠤᠨ ᠬᠡᠷᠡᠭᠯᠡᠭᠡ ᠵᠡᠷᠭᠡ ᠪᠠᠷ ᠨᠡᠮᠡᠭᠳᠡᠵᠡᠢ᠃ | ᠬᠥᠬᠡᠬᠤᠲᠠ ᠶᠢᠨ ᠴᠢᠩ ᠱᠦᠢ ᠾᠧ ᠰᠢᠶᠠᠨ ᠤ ᠯᠣᠣ ᠨᠢᠦ ᠸᠠᠨ ᠬᠠᠲᠤᠨ ᠭᠤᠣᠯ ᠤᠨ ᠶᠡᠭᠡ ᠬᠠᠪᠴᠢᠯ᠂ | ᠣᠷᠳᠣᠰ ᠤᠨ ᠪᠦᠷᠢᠶ᠎ᠡ ᠮᠠᠩᠬ᠎ᠠ᠂ ᠤᠯᠠᠭᠠᠨᠴᠠᠪ ᠤᠨ ᠤᠯᠠᠭᠠᠨᠬᠠᠳᠠ ᠶᠢᠨ ᠭᠠᠯᠲᠤ ᠠᠭᠤᠯᠠ ᠶᠢᠨ ᠭᠠᠵᠠᠷ | ᠰᠢᠨᠵᠢᠯᠡᠭᠡᠨ ᠤ ᠴᠡᠴᠡᠷᠯᠢᠭ ᠵᠡᠷᠭᠡ ᠦᠵᠡᠮᠵᠢ ᠶᠢᠨ ᠣᠷᠣᠨ ᠨᠢ ᠠᠮᠠᠷᠠᠯᠲᠠ ᠶᠢᠨ ᠬᠤᠭᠤᠴᠠᠭᠠᠨ ᠤ ᠬᠠᠯᠠᠮᠰᠢᠯ | ᠵᠢᠭᠤᠯᠴᠢᠯᠠᠯ ᠤᠨ ᠰᠣᠩᠭᠤᠯᠲᠠ ᠪᠣᠯᠵᠠᠢ᠃ ᠢᠯᠠᠩᠭᠤᠶ᠎ᠠ ᠬᠥᠬᠡᠬᠤᠲᠠ ᠶᠢᠨ ᠴᠢᠩ ᠱᠦᠢ ᠾᠧ ᠰᠢᠶᠠᠨ ᠤ ᠯᠣᠣ ᠨᠢᠦ | ᠸᠠᠨ ᠬᠠᠲᠤᠨ ᠭᠤᠣᠯ ᠤᠨ ᠶᠡᠭᠡ ᠬᠠᠪᠴᠢᠯ ᠬᠥᠮᠥᠰ ᠤᠨ ᠠᠩᠬᠠᠷᠤᠯ ᠢ ᠲᠠᠲᠠᠵᠤ᠂ ᠭᠡᠷ ᠪᠦᠯᠢ᠂ ᠲᠦᠷᠦᠯ ᠰᠠᠳᠤᠨ | ᠨᠠᠶᠢᠵᠠ ᠨᠥᠬᠦᠳ ᠢᠶᠠᠷ ᠨᠢᠭᠡᠴᠢ ᠪᠣᠯᠭᠠᠭᠰᠠᠨ ᠥᠪᠡᠷ ᠢᠶᠠᠨ ᠲᠡᠷᠭᠡ ᠵᠢᠯᠣᠭᠤᠳᠤᠭᠰᠠᠨ ᠵᠤᠭᠠᠴᠠᠭᠰᠠᠳ ᠤᠨ ᠡᠵᠡᠯᠡᠬᠦ | ᠬᠠᠷᠢᠴᠠᠯ ᠮᠡᠳᠡᠭᠳᠡᠮ᠎ᠡ ᠳᠡᠭᠡᠭᠰᠢᠯᠡᠵᠦ᠂ ᠦᠵᠡᠮᠵᠢ ᠶᠢᠨ ᠣᠷᠣᠨ ᠤ ᠡᠷᠬᠢᠨ ᠲᠣᠭᠤᠷᠢᠨ ᠤ ᠬᠤᠭᠤᠯᠠ ᠤᠮᠳᠠ᠂ | ᠬᠤᠨᠤᠭ ᠪᠠᠭᠤᠳᠠᠯ ᠵᠢᠴᠢ ᠣᠨᠴᠠᠯᠢᠭᠲᠤ ᠲᠦᠷᠦᠯ ᠵᠦᠢᠯ ᠤᠨ ᠬᠡᠷᠡᠭᠯᠡᠭᠡ ᠶᠢ ᠳᠠᠶᠢᠴᠢᠯᠠᠪᠠ᠃ | ᠳᠠᠷᠠᠭᠠᠴᠢ ᠶᠢᠨ ᠠᠯᠬᠤᠮ ᠳᠤ ᠴᠢᠩ ᠱᠦᠢ ᠾᠧ ᠰᠢᠶᠠᠨ ᠤ ᠯᠣᠣ ᠨᠢᠦ ᠸᠠᠨ ᠬᠠᠳᠤᠨ ᠭᠤᠣᠯ ᠤᠨ ᠶᠡᠭᠡ | ᠬᠠᠪᠴᠢᠯ ᠨᠢ ︽ᠪᠦᠬᠦ ᠣᠷᠣᠨ ᠪᠦᠰᠡ ᠶᠢᠨ ᠵᠢᠭᠤᠯᠴᠢᠯᠠᠯ︾ ᠤᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ | ᠂ ᠬᠤᠪᠢ ᠶᠢᠨ ᠮᠠᠰᠢᠨ ᠲᠡᠷᠭᠡ ᠪᠠᠷ ᠵᠤᠭᠠᠴᠠᠬᠤ ᠵᠠᠮ ᠱᠤᠭᠤᠮ ᠤᠨ ᠢᠵᠢ ᠪᠦᠷᠢᠳᠦᠭᠰᠡᠨ ᠦᠢᠯᠡᠴᠢᠯᠡᠭᠡ ᠶᠢ | ᠰᠢᠯᠢᠳᠡᠭᠵᠢᠭᠦᠯᠵᠦ᠂ ︽ᠰᠣᠶᠣᠯ ᠵᠢᠭᠤᠯᠴᠢᠯᠠᠯ +︾ ᠤᠨ ᠠᠭᠤᠰᠤᠯᠴᠠᠯ ᠢ ᠭᠦᠨᠵᠡᠭᠡᠶᠢᠷᠡᠭᠦᠯᠦᠨ᠂ ᠤᠯᠠᠷᠢᠯ ᠤᠨ | ᠴᠢᠨᠠᠷᠲᠠᠢ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠵᠠᠬ᠎ᠠ ᠳᠡᠯᠭᠡᠭᠦᠷ ᠤᠨ ᠳᠠᠯᠳᠠ ᠬᠦᠴᠦᠨ ᠢ | ᠦᠷᠭᠦᠯᠵᠢᠯᠡᠨ ᠬᠥᠭᠵᠢᠭᠡᠨ᠎ᠡ᠃ | |