ᠴᠢᠩ ᠱᠦᠢ ᠾᠧ ᠰᠢᠶᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ 37 ᠳ᠋ᠤᠭᠠᠷ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠠᠯᠪᠠᠨ ᠵᠢᠷᠤᠮ ᠤᠨ ᠡᠮᠴᠢᠯᠡᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2025/4/23
    2025 ᠣᠨ ᠤ 4 ᠳ᠋ᠦ᠋ᠭᠡᠷ ᠰᠠᠷ᠎ᠠ ᠪᠣᠯ 37 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠪᠣᠯᠣᠨ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠴᠢᠩ ᠱᠦᠢ ᠾᠧ ᠰᠢᠶᠠᠨ 37 ᠳ᠋ᠤᠭᠠᠷ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠭᠤᠯᠵᠠᠢ᠃    ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠸᠠ ᠶᠤᠸᠠᠨ ᠨᠡᠶᠢᠭᠡᠮ ᠲᠣᠭᠤᠷᠢᠭ ᠲᠤ ᠠᠯᠪᠠᠨ ᠵᠢᠷᠤᠮ ᠤᠨ ᠡᠮᠴᠢᠯᠡᠭᠡᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠲᠠᠯᠠᠪᠤᠷ ᠲᠤ ᠠᠵᠢᠯᠯᠠᠭ᠎ᠠ ᠳᠤ ᠣᠷᠣᠯᠴᠠᠭᠰᠠᠨ ᠰᠠᠭᠤᠭᠠᠯᠢ ᠠᠷᠠᠳ ᠲᠤ ᠴᠢᠰᠤᠨ ᠳᠠᠷᠤᠯᠲᠠ᠂ ᠴᠢᠰᠤᠨ ᠰᠢᠬᠢᠷ ᠢ ᠬᠡᠮᠵᠢᠬᠦ᠂ ᠬᠢᠲᠠᠳ ᠡᠮᠨᠡᠯᠭᠡ ᠶᠢᠨ ᠹᠢᠽᠢᠺ ᠵᠠᠰᠠᠯ ᠵᠡᠷᠭᠡ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ ᠠᠵᠢᠯᠲᠠᠳ ᠲᠤᠬᠠᠢ ᠶᠢᠨ ᠲᠠᠯᠠᠪᠤᠷ ᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠪᠥᠬᠦ ᠨᠡᠶᠢᠭᠡᠮ ᠢ ᠬᠥᠲᠥᠯᠥᠨ ᠵᠢᠯᠤᠭᠤᠳᠴᠤ ᠪᠠᠶᠢᠭᠠᠳ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠦᠨ᠂ ᠪᠣᠯᠪᠠᠰᠤᠨ ᠡᠷᠡᠭᠦᠯ ᠨᠡᠶᠢᠭᠡᠮ ᠤᠨ ᠰᠣᠶᠣᠯ ᠢ ᠪᠠᠳᠠᠷᠠᠭᠤᠯᠵᠤ᠂ ᠥᠷᠭᠡᠨ ᠣᠯᠠᠨ ᠲᠦᠮᠡᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠣᠷᠣᠯᠴᠠᠬᠤ ᠶᠢ ᠰᠠᠨᠠᠭᠠᠴᠢᠯᠠᠵᠤ᠂ ᠰᠠᠭᠤᠭᠠᠯᠢ ᠠᠷᠠᠳ ᠨᠢᠭᠡᠪᠦᠷᠢ ᠶᠢ ᠴᠥᠮ ᠡᠷᠡᠭᠦᠯ ᠡᠩᠬᠡ ᠴᠢᠩ ᠱᠦᠢ ᠾᠧ ᠶᠢᠨ ᠣᠷᠣᠯᠴᠠᠭᠴᠢ᠂ ᠪᠦᠲᠦᠭᠡᠨ ᠪᠠᠶᠢᠭᠤᠯᠤᠭᠴᠢ ᠪᠠ ᠠᠰᠢᠭ ᠬᠦᠷᠲᠡᠭᠴᠢ ᠪᠣᠯᠭᠠᠨ᠎ᠠ᠃ 
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1