ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠬᠢᠯᠭᠠᠨ ᠮᠡᠳᠡᠭᠡ 4 ᠰᠠᠷ᠎ᠠ ᠶᠢᠨ 19 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠦᠯᠢᠰ · ᠺᠯᠣᠲ᠋ᠧᠯ · ᠣᠣᠯᠢᠵᠢ · ᠡᠸ᠋ᠨᠭᠦ᠋ᠢᠮᠠ ᠳᠤ ᠴᠠᠬᠢᠯᠭᠠᠨ | ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠭᠠᠪᠤᠨ ᠤᠯᠤᠰ ᠤᠨ ᠶᠡᠷᠦᠩᠬᠡᠶᠢᠯᠡᠭᠴᠢ ᠪᠠᠷ | ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠭᠠᠪᠤᠨ ᠤᠯᠠᠮᠵᠢᠯᠠᠯᠲᠤ ᠨᠥᠬᠦᠷᠰᠡᠭ ᠬᠠᠷᠢᠴᠠᠭ᠎ᠠ ᠲᠠᠢ ᠶᠤᠮ᠃ | ᠣᠶᠢᠷ᠎ᠠ ᠶᠢᠨ ᠵᠢᠯ ᠠᠴᠠ᠂ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ | ᠡᠯ᠎ᠡ ᠬᠦᠷᠢᠶᠡᠨ ᠤ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠲᠣᠰ ᠲᠣᠰ ᠤᠨ ᠭᠤᠣᠯᠯᠠᠭᠴᠢ ᠠᠰᠢᠭ | ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠪᠡ᠃ ᠪᠢ | ᠳᠤᠮᠳᠠᠳᠤ ᠤᠯᠤᠰ ᠭᠠᠪᠤᠨ ᠤ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠳᠤᠷᠠᠲᠠᠶ᠎ᠠ ᠰᠢᠨ᠎ᠡ ᠪᠠᠷ ᠰᠣᠩᠭᠤᠭᠳᠠᠭᠰᠠᠨ ᠶᠡᠷᠦᠩᠬᠡᠶᠢᠯᠡᠭᠴᠢ ᠡᠸ᠋ᠨᠭᠦ᠋ᠢᠮᠠ ᠲᠠᠢ ᠬᠠᠮᠲᠤ ᠪᠠᠷ ᠴᠢᠷᠮᠠᠶᠢᠵᠤ᠂ ᠳᠤᠮᠳᠠᠳᠤ | ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ | ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠤᠶᠠᠷ ᠤᠯᠤᠰ ᠤᠨ ᠪᠥᠬᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ | ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ | ᠭᠠᠷᠭᠠᠪᠠ᠃ | |