ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠬᠢᠯᠭᠠᠨ ᠮᠡᠳᠡᠭᠡ 4 ᠰᠠᠷ᠎ᠠ ᠶᠢᠨ 19 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳ᠋ᠠᠨᠨᠢᠷ · ᠨᠦᠸᠧᠶᠠ ᠳᠤ ᠴᠠᠬᠢᠯᠭᠠᠨ ᠴᠢᠮᠡᠭᠡ ᠶᠠᠪᠤᠭᠤᠯᠵᠤ᠂ | ᠲᠡᠭᠦᠨ ᠤ ᠪᠦᠭᠦᠳᠡ ᠨᠠᠶᠢᠷᠠᠮᠳᠠᠬᠤ ᠡᠺᠦ᠋ᠸᠠᠳᠣᠷ ᠤᠯᠤᠰ ᠤᠨ ᠶᠡᠷᠦᠩᠬᠡᠶᠢᠯᠡᠭᠴᠢ ᠪᠠᠷ ᠦᠷᠭᠦᠯᠵᠢᠯᠡᠨ | ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠡᠺᠦ᠋ᠸᠠᠳᠣᠷ ᠪᠣᠯ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠮᠥᠨ᠃ ᠣᠶᠢᠷ᠎ᠠ ᠶᠢᠨ ᠵᠢᠯ ᠳᠤ᠂ ᠳᠤᠮᠳᠠᠳᠤ ᠡᠺᠦ᠋ᠸᠠᠳᠣᠷ ᠤᠨ ᠬᠠᠷᠢᠯᠴᠠᠭ᠎ᠠ ᠰᠠᠶᠢᠨ ᠰᠠᠶᠢᠬᠠᠨ | ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ᠂ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠲᠠᠰᠤᠷᠠᠯᠲᠠ | ᠦᠭᠡᠢ ᠭᠦᠨᠵᠡᠭᠡᠶᠢᠷᠡᠵᠦ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠬᠤᠶᠠᠷ | ᠤᠯᠤᠰ ᠤᠨ ᠠᠷᠠᠳ ᠲᠦᠮᠡᠨ ᠤ ᠨᠥᠬᠦᠷᠯᠡᠯ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠵᠠᠢ᠃ ᠡᠨᠡ ᠵᠢᠯ ᠪᠣᠯ | ᠳᠤᠮᠳᠠᠳᠤ ᠡᠺᠦ᠋ᠸᠠᠳᠣᠷ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠣᠢ ᠪᠣᠯᠣᠨ᠎ᠠ᠂ ᠪᠢ | ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠯᠤᠭ᠎ᠠ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠪᠥᠬᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠦᠭᠡᠢ ᠰᠢᠨ᠎ᠡ ᠳᠡᠭᠲᠡᠷ ᠲᠤ | ᠭᠠᠷᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ | ᠵᠢᠭᠠᠵᠤ ᠭᠠᠷᠭᠠᠪᠠ᠃ | ᠲᠣᠰ ᠡᠳᠦᠷ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠡᠺᠦ᠋ᠸᠠᠳᠣᠷ ᠤᠨ ᠳᠡᠳ᠋ ᠶᠡᠷᠦᠩᠬᠡᠶᠢᠯᠡᠭᠴᠢ ᠪᠠᠷ | ᠰᠣᠩᠭᠤᠭᠳᠠᠭᠰᠠᠨ ᠫᠢᠩᠲ᠋ᠦ᠋ᠸᠧ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ᠃ | |