ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠬᠡᠬᠤᠲᠠ ᠶᠢᠨ | ᠨᠠᠮ ᠤᠨ ᠬᠤᠷᠢᠶ᠎ᠠ᠂ ᠴᠢᠩ ᠱᠦᠢ ᠾᠧ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠡᠷᠡᠰ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠢᠴᠢ ᠢᠯᠵᠢᠷᠡᠯ ᠢ | ᠡᠰᠡᠷᠭᠦᠴᠡᠬᠦ ᠠᠵᠢᠯ ᠢ ᠴᠢᠨᠠᠭᠰᠢᠳᠠ ᠴᠢᠩᠭᠠᠳᠬᠠᠵᠤ᠂ 4 ᠳ᠋ᠦ᠋ᠭᠡᠷ ᠰᠠᠷ᠎ᠠ ᠶᠢᠨ 14 ᠤ ᠡᠳᠦᠷ᠂ ᠯᠣᠣ ᠨᠢᠦ ᠸᠠᠨ | ᠪᠠᠯᠭᠠᠰᠤ ᠶᠢᠨ ᠬᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠢᠴᠢ ᠢᠯᠵᠢᠷᠡᠯ ᠢ ᠡᠰᠡᠷᠭᠦᠴᠡᠬᠦ | ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ | ᠯᠢᠦᠢ ᠶᠦᠩ ᠬᠤᠷᠠᠯ ᠢ ᠡᠷᠬᠢᠯᠡᠵᠦ᠂ ᠪᠠᠶᠢᠭᠤᠯᠭ᠎ᠠ ᠨᠢᠭᠡᠴᠡ ᠶᠢᠨ ᠪᠦᠬᠦ ᠺᠠᠳ᠋ᠷ᠂ ᠡᠯ᠎ᠡ ᠲᠣᠰᠬᠤᠨ ᠤ ᠨᠠᠮ ᠤᠨ | ᠡᠭᠦᠷ ᠤᠨ ᠱᠦᠵᠢ ᠡᠷᠬᠢᠯᠡᠭᠴᠢ ᠬᠤᠷᠠᠯ ᠳᠤ ᠣᠷᠣᠯᠴᠠᠪᠠ᠃ | ᠬᠤᠷᠠᠯ ᠠᠴᠠ ︽ᠯᠣᠣ ᠨᠢᠦ ᠸᠠᠨ ᠪᠠᠯᠭᠠᠰᠤ ᠶᠢᠨ 2025 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠵᠢᠴᠢ ᠢᠯᠵᠢᠷᠡᠯ ᠢ ᠡᠰᠡᠷᠭᠦᠴᠡᠬᠦ ᠠᠵᠢᠯ ᠤᠨ ᠲᠥᠯᠥᠪᠯᠡᠭᠡ︾ ᠶᠢ ᠤᠯᠠᠮᠵᠢᠯᠠᠵᠤ᠂ ᠺᠠᠳ᠋ᠷ ᠠᠵᠢᠯᠲᠠᠳ | ᠴᠢᠬᠡᠴᠢ ᠵᠠᠰᠠᠭ ᠤᠨ ᠱᠠᠭᠠᠷᠳᠠᠯᠭ᠎ᠠ ᠶᠢ ᠰᠡᠳᠬᠢᠯ ᠳᠡᠭᠡᠨ ᠬᠠᠳᠠᠩᠰᠢᠭᠤᠯᠵᠤ᠂ ᠦᠢᠯᠡ ᠠᠵᠢᠯᠯᠠᠭ᠎ᠠ ᠳᠠᠭᠠᠨ | ᠰᠢᠩᠭᠡᠭᠡᠬᠦ ᠶᠢ ᠨᠢ ᠱᠠᠯᠠᠪᠳᠠᠭᠤᠯᠤᠨ᠂ ᠥᠴᠥᠬᠡᠨ ᠴᠦ ᠢᠯᠳᠠᠷ ᠬᠠᠶᠠᠬᠤ ᠦᠭᠡᠢ ᠣᠪᠣᠷ ᠢᠶᠠᠷ ᠢᠯᠵᠢᠷᠡᠯ ᠢ ᠵᠠᠯᠬᠠᠭᠠᠨ | ᠰᠢᠢᠳᠬᠡᠵᠦ᠂ ᠠᠷᠢᠭᠤᠨ ᠴᠢᠬᠡᠴᠢ ᠬᠡᠪ ᠰᠤᠷᠲᠠᠯ ᠢ ᠠᠵᠢᠯ ᠤᠨ ᠥᠨᠴᠥᠭ ᠪᠤᠯᠤᠩ ᠪᠣᠯᠭᠠᠨ ᠳᠤ ᠳᠦᠭᠦᠷᠭᠡᠵᠦ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ | ᠪᠠᠲᠤᠯᠠᠵᠠᠢ᠃ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦᠢ ᠶᠦᠩ ᠴᠢᠬᠡᠴᠢ ᠵᠠᠰᠠᠭ ᠤᠨ ᠨᠠᠮ ᠤᠨ ᠬᠢᠴᠢᠶᠡᠯ ᠳᠡᠭᠡᠷ᠎ᠡ | ︽ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠤ ᠤᠯᠤᠰ | ᠲᠥᠷᠥ ᠶᠢᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠬᠤ︾ ᠲᠣᠬᠠᠢ ᠬᠢᠴᠢᠶᠡᠯᠯᠡᠵᠦ᠂ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠨᠠᠮᠴᠢ ᠴᠢᠨᠠᠷ ᠤᠨ ᠬᠥᠮᠦᠵᠢᠯ᠂ ᠨᠠᠮ ᠤᠨ ᠭᠡᠰᠢᠭᠦᠨ ᠤ ᠰᠤᠷᠤᠯᠴᠠᠯᠭ᠎ᠠ | ᠪᠣᠯᠪᠠᠰᠤᠷᠠᠭᠤᠯᠤᠯ ᠵᠢᠴᠢ ᠨᠠᠮ ᠤᠨ ᠭᠤᠣᠯ ᠰᠡᠳᠦᠪᠲᠦ ᠬᠥᠮᠦᠵᠢᠯ ᠤᠨ ᠦᠢᠯᠡᠳᠦᠯᠭᠡ ᠵᠡᠷᠭᠡ ᠭᠤᠷᠪᠠᠨ ᠲᠠᠯ᠎ᠠ ᠪᠠᠷ᠂ | ᠨᠠᠮ ᠤᠨ ᠭᠡᠰᠢᠭᠦᠨ ᠤ ᠰᠢᠯᠢᠳᠡᠭ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢ ᠴᠢᠬᠤᠯᠠᠴᠢᠯᠠᠵᠤ᠂ | ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ᠂ ᠨᠠᠮ ᠤᠨ ᠲᠡᠷᠢᠭᠦᠨ ᠤ ᠴᠢᠨᠠᠷ ᠢ ᠪᠠᠲᠤᠯᠠᠬᠤ ᠶᠢᠨ ᠴᠢᠬᠤᠯᠠ | ᠴᠢᠨᠠᠷ ᠤᠨ ᠲᠠᠯ᠎ᠠ ᠪᠠᠷ᠂ ᠤᠯᠠᠨ ᠲᠠᠢ ᠬᠠᠮᠲᠤ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠤᠷᠲᠠᠯ ᠤᠨ | ᠪᠠᠶᠢᠭᠤᠯᠤᠯᠲᠠ ᠶᠢ ᠰᠤᠷᠤᠯᠴᠠᠨ ᠲᠠᠶᠢᠯᠪᠤᠷᠢᠯᠠᠪᠠ᠃ | ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠶᠣᠣ ᠫᠧᠩ ᠴᠧᠩ ᠬᠡᠷᠡᠭ ᠢᠶᠠᠷ | ᠰᠡᠷᠡᠮᠵᠢ ᠶᠢᠨ ᠳᠣᠬᠢᠶ᠎ᠠ ᠥᠭᠬᠦ ᠶᠢᠨ ᠬᠠᠮᠲᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠵᠣᠬᠢᠶᠠᠨ ᠪᠠᠶᠢᠭᠤᠯᠤᠨ | ᠦᠵᠡᠭᠦᠯᠵᠦ᠂ ᠣᠶᠢᠷ᠎ᠠ ᠶᠢᠨ ᠬᠤᠭᠤᠴᠠᠭᠠᠨ ᠳᠤ ᠪᠠᠶᠢᠴᠠᠭᠠᠨ ᠰᠢᠢᠳᠪᠦᠷᠢᠯᠡᠭᠰᠡᠨ ᠰᠠᠬᠢᠯᠭ᠎ᠠ ᠪᠠᠲᠤ ᠶᠢ ᠵᠥᠷᠢᠴᠡᠵᠦ | ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠲᠠᠢ ᠤᠶᠠᠯᠳᠤᠭᠤᠯᠤᠨ᠂ ᠮᠠᠨ ᠤ ᠪᠠᠯᠭᠠᠰᠤᠨ ᠤ ᠨᠠᠮ ᠤᠨ ᠭᠡᠰᠢᠭᠦᠨ | ᠺᠠᠳ᠋ᠷᠴᠤᠳ ᠢ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠠᠴᠠ ᠭᠦᠨᠵᠡᠭᠡᠢ | ᠰᠤᠷᠭᠠᠮᠵᠢ ᠠᠪᠴᠤ᠂ ᠤᠯᠤᠰ ᠲᠥᠷᠥ ᠶᠢᠨ ᠤᠯᠠᠭᠠᠨ ᠱᠤᠭᠤᠮ᠂ ᠰᠠᠬᠢᠯᠭ᠎ᠠ ᠪᠠᠲᠤ ᠶᠢᠨ ᠥᠨᠳᠥᠷ ᠱᠤᠭᠤᠮ᠂ | ᠠᠷᠢᠭᠤᠨ ᠴᠢᠬᠡᠴᠢ ᠶᠢᠨ ᠬᠢᠵᠠᠭᠠᠷ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ | ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ ᠹᠢᠯᠢᠮ ︽ᠳᠠᠭᠠᠷᠢᠯᠲᠠ ᠶᠢᠨ ᠪᠦᠷᠢᠶ᠎ᠡ ᠶᠢ ᠡᠭᠦᠷᠢᠳᠡ ᠦᠯᠢᠶᠡᠨ᠎ᠡ | ︾ ᠶᠢ ᠲᠥᠪᠯᠡᠷᠡᠭᠦᠯᠦᠨ ᠦᠵᠡᠵᠦ᠂ ᠪᠥᠬᠦ ᠺᠠᠳ᠋ᠷᠴᠤᠳ ᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠴᠤ | ᠪᠠᠶᠢᠭᠠᠳ ᠵᠥᠪ ᠣᠨᠣᠪᠴᠢᠲᠠᠶ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠠᠬᠢ ᠪᠣᠶ ᠪᠣᠯᠭᠠᠨ | ᠦᠢᠯᠡᠳᠦᠯᠭᠡᠵᠢᠭᠦᠯᠵᠦ᠂ ᠨᠠᠮ ᠤᠨ ᠰᠤᠷᠲᠠᠯ ᠲᠥᠪ᠂ ᠵᠠᠰᠠᠭ ᠤᠨ ᠰᠤᠷᠲᠠᠯ ᠴᠢᠬᠡᠴᠢ᠂ ᠰᠤᠷᠲᠠᠯ ᠰᠢᠨ᠎ᠡ ᠪᠠᠶᠢᠬᠤ | ᠰᠠᠶᠢᠨ ᠰᠠᠶᠢᠬᠠᠨ ᠠᠵᠢᠯ ᠤᠨ ᠠᠭᠤᠷ ᠠᠮᠢᠰᠬᠤᠯ ᠢ ᠢᠳᠡᠪᠬᠢᠲᠡᠢ ᠪᠣᠶ ᠪᠣᠯᠭᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠬᠤ ᠲᠠᠢ ᠭᠦᠨᠵᠡᠭᠡᠢ ᠤᠶᠠᠯᠳᠤᠭᠤᠯᠵᠤ᠂ ᠮᠠᠨ ᠤ ᠪᠠᠯᠭᠠᠰᠤᠨ ᠤ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠵᠢᠴᠢ ᠣᠯᠠᠨ ᠲᠦᠮᠡᠨ ᠤ ᠳᠡᠷᠭᠡᠳᠡᠬᠢ ᠲᠥᠪ | ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ | ᠬᠢᠵᠦ᠂ ᠪᠥᠬᠦ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ | ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠯᠣᠣ ᠨᠢᠦ ᠸᠠᠨ | ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ | ᠬᠠᠩᠭᠠᠵᠤ᠂ ᠡᠯ᠎ᠡ ᠵᠦᠢᠯ ᠤᠨ ᠠᠵᠢᠯ ᠦᠢᠯᠡᠰ ᠤᠨ ᠨᠠᠩ ᠶᠡᠭᠡ ᠰᠢᠨ᠎ᠡ ᠠᠮᠵᠢᠯᠲᠠ ᠣᠯᠬᠤ ᠶᠢ ᠲᠦᠯᠬᠢᠨ ᠠᠬᠢᠭᠤᠯᠬᠤ | ᠬᠡᠷᠡᠭᠲᠡᠢ ᠭᠡᠪᠡ᠃ | ᠲᠤᠰ ᠤᠳᠠᠭ᠎ᠠ ᠶᠢᠨ ᠬᠤᠷᠠᠯ ᠠᠴᠠ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠪᠢᠰᠢᠷᠡᠨ ᠵᠢᠷᠦᠬᠡᠰᠢᠶᠡᠬᠦ ᠶᠢ | ᠮᠡᠳᠡᠬᠦ᠂ ᠰᠡᠷᠡᠮᠵᠢᠯᠡᠨ ᠡᠮᠢᠶᠡᠬᠦ᠂ ᠬᠤᠷᠢᠭ᠎ᠠ ᠱᠤᠭᠤᠮ ᠢ ᠰᠠᠬᠢᠬᠤ ᠶᠢ ᠦᠨᠡᠨᠬᠦ ᠬᠥᠲᠥᠯᠥᠨ ᠳᠠᠭᠠᠭᠤᠯᠵᠠᠢ᠃ | ᠳᠠᠷᠠᠭᠠᠴᠢ ᠶᠢᠨ ᠠᠯᠬᠤᠮ ᠳᠤ᠂ ᠯᠣᠣ ᠨᠢᠦ ᠸᠠᠨ ᠪᠠᠯᠭᠠᠰᠤ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠦᠷᠭᠦᠯᠵᠢᠯᠡᠨ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ | ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠢᠩᠭ᠎ᠠ | ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ | ᠪᠣᠳᠠᠲᠤ ᠠᠵᠢᠯᠯᠠᠭ᠎ᠠ ᠪᠠᠷ ᠢᠶᠠᠨ ᠴᠢᠩ ᠱᠦᠢ ᠾᠧ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠬᠤᠪᠢ | ᠨᠡᠮᠡᠷᠢ ᠪᠠᠨ ᠦᠵᠡᠭᠦᠯᠬᠦ ᠪᠣᠯᠣᠨ᠎ᠠ︕ | |