ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 44 ᠳ᠋ᠦ᠋ᠭᠡᠷ ᠬᠤᠭᠤᠴᠠᠭᠠᠨ ᠤ ︽ᠰᠢᠪᠠᠭᠤᠳ ᠢ ᠬᠠᠶᠢᠷᠠᠯᠠᠬᠤ ᠭᠠᠷᠠᠭ︾ ᠤᠨ ᠡᠬᠢᠯᠡᠯᠲᠡ ᠶᠢᠨ ᠶᠣᠰᠣᠯᠠᠯ ᠯᠣᠣ ᠨᠢᠦ ᠸᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2025/4/24
     4 ᠳ᠋ᠦ᠋ᠭᠡᠷ ᠰᠠᠷ᠎ᠠ ᠶᠢᠨ 22 ᠤᠨ ᠡᠳᠦᠷ᠂ ︽ᠳᠡᠯᠡᠬᠡᠢ ᠶᠢᠨ ᠪᠥᠮᠪᠥᠷᠴᠡᠭ ᠤᠨ ᠠᠨᠠᠬᠠᠢ ᠶᠢ ᠬᠠᠮᠠᠭᠠᠯᠠᠵᠤ ᠪᠣᠬᠢᠷᠲᠤᠯ ᠦᠭᠡᠢ ᠭᠡᠷ ᠣᠷᠣᠨ ᠢᠶᠠᠨ ᠬᠠᠮᠲᠤ ᠪᠠᠷ ᠴᠣᠭᠴᠠᠯᠠᠶ᠎ᠠ︾ ᠭᠡᠳᠡᠭ ᠢᠶᠠᠷ ᠭᠤᠣᠯ ᠰᠡᠳᠦᠪ ᠪᠣᠯᠭᠠᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 44 ᠳ᠋ᠦ᠋ᠭᠡᠷ ᠬᠤᠭᠤᠴᠠᠭᠠᠨ ᠤ ︽ᠰᠢᠪᠠᠭᠤᠳ ᠢ ᠬᠠᠶᠢᠷᠠᠯᠠᠬᠤ ᠭᠠᠷᠠᠭ ︾ ᠤᠨ ᠡᠬᠢᠯᠡᠯᠲᠡ ᠶᠢᠨ ᠶᠣᠰᠣᠯᠠᠯ ᠵᠢᠷᠤᠭ ᠮᠡᠲᠦ ᠰᠠᠶᠢᠬᠠᠨ ᠦᠵᠡᠮᠵᠢ ᠲᠠᠢ ᠯᠣᠸ ᠨᠢᠦ ᠸᠠᠨ ᠭᠠᠵᠠᠷ ᠰᠢᠨᠵᠢᠯᠡᠭᠡᠨ ᠤ ᠴᠡᠴᠡᠷᠯᠢᠭ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠢᠭᠡᠳ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠨᠡᠶᠢᠭᠡᠮ ᠢᠶᠠᠷ ᠢᠶᠠᠨ ᠰᠢᠪᠠᠭᠤᠳ ᠢ ᠬᠠᠶᠢᠷᠠᠯᠠᠨ ᠬᠠᠮᠠᠭᠠᠯᠠᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠬᠤ ᠶᠢ ᠲᠦᠯᠬᠢᠨ ᠠᠬᠢᠭᠤᠯᠬᠤ ᠪᠣᠯᠣᠨ᠎ᠠ᠃
内蒙古自治区第44届11.jpg
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ   ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠭᠡᠷ᠎ᠡ ᠶᠢᠨ ᠠᠮᠢᠲᠠᠨ ᠤᠷᠭᠤᠮᠠᠯ ᠪᠠ ᠨᠤᠭᠤ ᠭᠠᠵᠠᠷ ᠢ ᠬᠠᠮᠠᠭᠠᠯᠠᠬᠤ ᠨᠡᠶᠢᠭᠡᠮᠯᠢᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠰᠢᠨᠵᠢᠯᠡᠭᠡᠨ ᠤ ᠨᠡᠶᠢᠭᠡᠮᠯᠢᠭ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠤᠰᠬᠠᠢ ᠵᠥᠪᠯᠡᠯ᠂ ᠬᠥᠬᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠬᠡᠬᠤᠲᠠ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠨᠡᠶᠢᠭᠡᠮᠯᠢᠭ ᠵᠢᠴᠢ ᠰᠢᠶᠠᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠠᠢ᠃
内蒙古自治区第44届22.jpg
内蒙古自治区第44届33.jpg
     ᠥᠪᠥᠷ ᠮᠣᠩᠭᠤᠯ ︽ᠭᠤᠷᠪᠠᠨ ᠤᠮᠠᠷᠠᠲᠤ︾ ᠳᠤ ᠪᠠᠶᠢᠷᠢᠯᠠᠵᠤ᠂ ᠪᠥᠬᠦ ᠪᠥᠮᠪᠥᠷᠴᠡᠭ ᠤᠨ ᠨᠡᠭᠦᠳᠡᠯ ᠤᠨ ᠰᠢᠪᠠᠭᠤ ᠶᠢ ᠬᠦᠯᠢᠶᠡᠨ ᠠᠪᠤᠭᠰᠠᠨ ᠭᠤᠷᠪᠠᠨ ᠨᠡᠭᠦᠳᠡᠯ ᠤᠨ ᠵᠠᠮ ᠪᠣᠯ ᠨᠡᠭᠦᠳᠡᠯ ᠤᠨ ᠰᠢᠪᠠᠭᠤᠳ ᠤᠨ ᠴᠢᠬᠤᠯᠠ ᠠᠮᠠᠷᠠᠬᠤ ᠭᠠᠵᠠᠷ ᠪᠠ ᠬᠠᠩᠭᠠᠯᠭ᠎ᠠ ᠶᠢᠨ ᠥᠷᠲᠡᠭᠡ ᠪᠣᠯᠣᠨ᠎ᠠ᠃ ᠣᠲᠣ ᠪᠠᠷ 442 ᠵᠦᠢᠯ ᠤᠨ ᠬᠡᠭᠡᠷ᠎ᠡ ᠶᠢᠨ ᠰᠢᠪᠠᠭᠤᠨ ᠤ ᠲᠥᠷᠥᠯ ᠪᠣᠶ᠂ ᠡᠨᠡ ᠵᠢᠯ ᠤᠨ ᠡᠪᠦᠯᠵᠢᠬᠦ ᠤᠰᠤᠨ ᠤ ᠰᠢᠪᠠᠭᠤ 16 ᠲᠦᠮᠡ ᠳᠤ ᠬᠦᠷᠴᠦ᠂ ︽ᠭᠤᠷᠪᠠ ᠪᠠᠶᠢᠬᠤ︾ ᠬᠠᠮᠠᠭᠠᠯᠠᠯᠲᠠ ᠶᠢᠨ ᠠᠮᠢᠲᠠᠨ ᠪᠣᠯᠬᠤ ᠯᠠᠮᠠ ᠭᠠᠯᠠᠭᠤ ᠶᠢᠨ ᠳᠦᠷᠰᠦ ᠶᠢᠨ ᠰᠦᠷᠦᠭ ᠪᠥᠬᠦ ᠳᠡᠯᠡᠬᠡᠢ ᠶᠢᠨ ᠶᠡᠷᠦᠩᠬᠡᠢ ᠬᠡᠮᠵᠢᠶᠡᠨ ᠤ 60% ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ᠃ ᠨᠤᠭᠤ ᠭᠠᠵᠠᠷ ᠢ ᠵᠠᠰᠠᠨ ᠰᠡᠷᠭᠦᠭᠡᠬᠦ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠶᠢ ᠰᠡᠷᠭᠦᠭᠡᠬᠦ ᠵᠡᠷᠭᠡ ᠠᠮᠢ ᠠᠬᠤᠢ ᠶᠢᠨ ᠢᠨᠵᠧᠨᠧᠷᠢᠩ ᠢᠶᠠᠷ ᠳᠠᠮᠵᠢᠭᠤᠯᠤᠨ᠂ ᠯᠣᠣ ᠨᠢᠦ ᠸᠠᠨ ᠤ ᠣᠷᠣᠨ ᠪᠦᠰᠡ ᠶᠢᠨ ᠠᠮᠢ ᠠᠬᠤᠢ ᠦᠷᠭᠦᠯᠵᠢᠯᠡᠨ ᠰᠠᠶᠢᠵᠢᠷᠠᠵᠤ᠂ ᠬᠠᠷ᠎ᠠ ᠥᠷᠪᠢ᠂ ᠲᠣᠭᠤᠳᠠᠭ ᠵᠡᠷᠭᠡ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠰᠢᠪᠠᠭᠤᠨ ᠤ ᠲᠥᠷᠥᠯ ᠳᠠᠬᠢᠨ ᠢᠯᠡᠷᠡᠵᠦ᠂ ᠠᠮᠢ ᠠᠬᠤᠢ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠢᠯᠡᠷᠡᠭᠦᠯᠪᠡ᠃ ᠣᠶᠢᠷ᠎ᠠ ᠶᠢᠨ ᠵᠢᠯ ᠤᠳ ᠲᠤ᠂ ᠬᠡᠭᠡᠷ᠎ᠡ ᠶᠢᠨ ᠠᠮᠢᠲᠠᠨ ᠤᠷᠭᠤᠮᠠᠯ ᠤᠨ ᠣᠷᠣᠰᠢᠨ ᠠᠮᠢᠳᠤᠷᠠᠬᠤ ᠭᠠᠵᠠᠷ ᠢ ᠶᠡᠭᠡ ᠪᠠᠷ ᠬᠠᠮᠠᠭᠠᠯᠠᠵᠤ᠂ ᠰᠢᠪᠠᠭᠤᠳ ᠢ ᠬᠠᠶᠢᠷᠠᠯᠠᠵᠤ ᠰᠢᠪᠠᠭᠤᠳ ᠢ ᠬᠠᠮᠠᠭᠠᠯᠠᠬᠤ ᠪᠠ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢ ᠶᠡᠭᠡ ᠪᠠᠷ ᠤᠬᠠᠭᠤᠯᠬᠤ ᠪᠠᠷ ᠳᠡᠮᠵᠢᠨ᠂ ᠬᠤᠲᠠ ᠶᠢᠨ ᠠᠷᠠᠳ ᠤᠨ ᠬᠠᠮᠠᠭᠠᠯᠠᠯᠲᠠ ᠶᠢᠨ ᠠᠵᠢᠯᠯᠠᠭ᠎ᠠ ᠳᠤ ᠠᠩᠬᠠᠷᠤᠯ ᠲᠠᠯᠪᠢᠵᠤ ᠣᠷᠣᠯᠴᠠᠬᠤ ᠢᠳᠡᠪᠬᠢᠵᠢᠯ ᠪᠠ ᠤᠬᠠᠮᠰᠠᠷᠲᠤ ᠴᠢᠨᠠᠷ ᠨᠢ ᠴᠦ ᠢᠯᠡᠳᠲᠡ ᠳᠡᠭᠡᠭᠰᠢᠯᠡᠭᠰᠡᠨ ᠪᠠᠶᠢᠨ᠎ᠠ᠃     ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠪᠠᠰᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠭᠦᠯᠭᠡ ᠶᠢᠨ ᠲᠣᠭᠤᠷᠢᠭ ᠵᠢᠴᠢ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠲᠣᠭᠤᠷᠢᠭ ᠭᠠᠷᠭᠠᠵᠤ᠂ ᠰᠢᠪᠠᠭᠤᠨ ᠤ ᠲᠥᠷᠥᠯ ᠤᠨ ᠬᠡᠷᠡᠯ ᠵᠢᠷᠤᠭ ᠤᠨ ᠪᠦᠲᠦᠭᠡᠯ ᠤᠨ ᠦᠵᠡᠭᠦᠯᠭᠡ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠰᠢᠪᠠᠭᠤᠨ ᠤ ᠲᠥᠷᠥᠯ ᠤᠨ ᠬᠠᠮᠠᠭᠠᠯᠠᠯᠲᠠ ᠶᠢᠨ ᠮᠡᠳᠡᠯᠭᠡ ᠶᠢ ᠣᠯᠠᠨ ᠨᠡᠶᠢᠲᠡ ᠳᠤ ᠲᠦᠭᠡᠮᠡᠯᠵᠢᠭᠦᠯᠵᠦ᠂ ᠰᠢᠪᠠᠭᠤᠨ ᠤ ᠲᠥᠷᠥᠯ ᠤᠨ ᠨᠡᠭᠦᠳᠡᠯ ᠤᠨ ᠠᠮᠤᠷ ᠲᠦᠪᠰᠢᠨ ᠢ ᠪᠠᠲᠤᠯᠠᠪᠠ᠃ 
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1