2025 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠂ ᠬᠡᠷᠡᠭᠯᠡᠭᠡ ᠶᠢ ᠬᠥᠭᠵᠢᠭᠡᠬᠦ | ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ ᠭᠡᠵᠦ ᠳᠤᠷᠠᠳᠤᠨ ᠭᠠᠷᠭᠠᠪᠠ᠃ 3 ᠳ᠋ᠤᠭᠠᠷ ᠰᠠᠷ᠎ᠠ ᠶᠢᠨ ᠳᠤᠮᠳᠠᠴᠢ ᠪᠠᠷ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠪᠣᠯᠣᠨ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠬᠡᠷᠡᠭᠯᠡᠭᠡ ᠶᠢ ︽ᠲᠥᠰᠥᠯ︾ ᠳᠤ ᠭᠤᠴᠢᠨ ᠵᠦᠢᠯ ᠤᠨ ᠪᠣᠳᠠᠲᠠᠢ | ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ︽ᠬᠡᠷᠡᠭᠯᠡᠭᠡ ᠶᠢ ᠶᠡᠭᠡ ᠪᠠᠷ ᠬᠥᠭᠵᠢᠭᠡᠨ᠂ ᠪᠡᠯᠡ ᠣᠷᠣᠭᠤᠯᠤᠯᠲᠠ ᠶᠢᠨ | ᠦᠷ᠎ᠡ ᠠᠰᠢᠭ ᠢ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠥᠬᠦ ᠲᠠᠯ᠎ᠠ ᠪᠠᠷ ᠥᠷᠭᠡᠳᠬᠡᠬᠦ︾ | ᠶᠢ 2025 ᠣᠨ ᠤ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠲᠡᠷᠢᠭᠦᠨ ᠪᠠᠶᠢᠷᠢᠨ ᠳᠤ ᠲᠠᠯᠪᠢᠬᠤ ᠶᠢᠨ | ᠬᠠᠮᠲᠤ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠬᠦ ᠪᠠᠷ ᠲᠣᠳᠣᠷᠬᠠᠢ ᠳᠤᠷᠠᠳᠤᠨ ᠭᠠᠷᠭᠠᠪᠠ᠃ | ︽ᠲᠥᠰᠥᠯ︾ ᠢ ᠨᠡᠶᠢᠲᠡᠯᠡᠭᠰᠡᠨ ᠨᠢ ᠬᠡᠷᠡᠭᠯᠡᠭᠡ ᠶᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠵᠥᠷᠢᠴᠡᠯ ᠠᠰᠠᠭᠤᠳᠠᠯ ᠢ | ᠤᠯᠠᠮ ᠨᠢᠭᠡ ᠠᠯᠬᠤᠮ ᠰᠢᠢᠳᠪᠦᠷᠢᠯᠡᠵᠦ᠂ ᠬᠡᠷᠡᠭᠯᠡᠭᠡ ᠶᠢᠨ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ | ᠳᠡᠭᠡᠭᠰᠢᠯᠡᠭᠦᠯᠬᠦ᠂ ᠲᠠᠰ ᠳᠡᠪᠰᠢᠭᠦᠯᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | | | ᠨᠢᠭᠡ᠂ ᠬᠡᠷᠡᠭᠯᠡᠭᠡᠨ ᠤ ᠬᠥᠭᠵᠢᠯᠲᠡ ᠶᠢᠨ ᠪᠠᠶᠢᠳᠠᠯ ᠵᠢᠴᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ | | | 2025 ᠣᠨ ᠠᠴᠠ ᠨᠠᠰᠢ᠂ ᠴᠢᠩ ᠱᠦᠢ ᠾᠧ ᠰᠢᠶᠠᠨ ᠤ ᠬᠢᠨ ᠤᠯᠤᠰ᠂ ᠥᠪᠡᠷᠲᠡᠭᠡᠨ ᠵᠠᠰᠠᠬᠤ ᠣᠷᠣᠨ᠂ | ᠬᠤᠳᠠ ᠶᠢᠨ ᠲᠢ ᠵᠧᠨ ᠬᠡᠷᠡᠭᠯᠡᠭᠡᠨ ᠤ ᠠᠵᠢᠯ ᠤᠨ ᠪᠠᠶᠢᠷᠢᠯᠠᠭᠤᠯᠤᠯᠲᠠ ᠶᠢ ᠢᠳᠡᠪᠬᠢᠲᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠴᠢᠩ ᠱᠦᠢ ᠾᠧ ᠰᠢᠶᠠᠨ ᠤ ᠬᠡᠷᠡᠭᠯᠡᠭᠡ ᠶᠢ ᠬᠥᠭᠵᠢᠭᠡᠬᠦ ᠠᠵᠢᠯ ᠤᠨ ᠭᠤᠣᠯᠳᠠᠯᠭ᠎ᠠ︾ ᠶᠢ | ᠰᠤᠳᠤᠯᠤᠨ ᠲᠤᠭᠤᠷᠪᠢᠵᠤ᠂ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ | ᠳᠣᠯᠣᠳᠤᠭᠠᠷ ᠬᠤᠭᠤᠴᠠᠭᠠᠨ ᠤ ᠪᠠᠷᠠᠭᠠᠨ ᠤ ᠪᠠᠶᠠᠷ ᠢ ᠵᠣᠬᠢᠶᠠᠨ ᠪᠠᠶᠢᠭᠤᠯᠵᠤ᠂ ᠬᠡᠷᠡᠭᠯᠡᠭᠡᠨ ᠤ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠦᠬᠦ ᠰᠢᠶᠠᠨ ᠤ | ᠬᠡᠷᠡᠭᠯᠡᠭᠡᠨ ᠤ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠵᠠᠢ᠃ 1-3 ᠰᠠᠷ᠎ᠠ ᠳᠤ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠵᠢᠱᠢᠯᠲᠡ ᠪᠠᠷ 2.54 ᠳ᠋ᠦᠩᠰᠢᠭᠤᠷ ᠲᠥᠭᠦᠷᠢᠭ ᠲᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ᠃ ᠡᠭᠦᠨ ᠳᠤ᠄ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠲᠤᠭ᠎ᠠ 59488.7 | ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.18% ᠪᠠᠭᠤᠷᠠᠵᠠᠢ︔ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ | ᠲᠤᠭ᠎ᠠ 923.7 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.72% | ᠨᠡᠮᠡᠭᠳᠡᠵᠡᠢ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭ ᠪᠠᠭᠤᠳᠠᠯ ᠤᠨ ᠠᠵᠤ ᠠᠬᠤᠶᠢᠯᠠᠯ ᠤᠨ | ᠪᠣᠷᠣᠯᠠᠭᠤᠯᠤᠯᠲᠠ ᠶᠢᠨ ᠲᠤᠭ᠎ᠠ 149 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 133.2% ᠨᠡᠮᠡᠭᠳᠡᠵᠡᠢ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠠᠵᠤ | ᠠᠬᠤᠶᠢᠯᠠᠯ ᠤᠨ ᠪᠣᠷᠣᠯᠠᠭᠤᠯᠤᠯᠲᠠ ᠶᠢᠨ ᠲᠤᠭ᠎ᠠ 430.5 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 13.92% ᠨᠡᠮᠡᠭᠳᠡᠵᠡᠢ᠃ | | | ᠬᠤᠶᠠᠷ᠂ ᠲᠤᠯᠭᠠᠷᠠᠵᠤ ᠪᠠᠶᠢᠭ᠎ᠠ ᠲᠣᠪᠣᠶᠢᠮ᠎ᠠ ᠠᠰᠠᠭᠤᠳᠠᠯ | | | ︵ᠨᠢᠭᠡ︶ ᠬᠡᠷᠡᠭᠯᠡᠭᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠬᠦᠷᠦᠯᠴᠡᠬᠦ ᠦᠭᠡᠢ ᠪᠠᠶᠢᠵᠤ᠂ | ᠣᠷᠣᠯᠭ᠎ᠠ ᠶᠢᠨ ᠨᠡᠮᠡᠭᠳᠡᠯ ᠤᠳᠠᠭᠠᠰᠢᠷᠠᠪᠠ᠃ ᠣᠷᠣᠯᠭ᠎ᠠ ᠪᠣᠯ ᠰᠠᠭᠤᠭᠠᠯᠢ ᠠᠷᠠᠳ ᠤᠨ ᠬᠡᠷᠡᠭᠯᠡᠭᠡᠨ ᠤ ᠬᠠᠲᠠᠭᠤ | ᠬᠢᠵᠠᠭᠠᠷᠯᠠᠯ ᠮᠥᠨ᠂ ᠣᠷᠣᠯᠭ᠎ᠠ ᠶᠢᠨ ᠬᠢᠷᠢ ᠬᠡᠮᠵᠢᠶᠡᠨ ᠤ ᠥᠨᠳᠥᠷ ᠳᠣᠣᠷ᠎ᠠ ᠨᠢ ᠰᠠᠭᠤᠭᠠᠯᠢ ᠠᠷᠠᠳ ᠤᠨ | ᠬᠡᠷᠡᠭᠯᠡᠭᠡᠨ ᠤ ᠬᠢᠷᠢ ᠬᠡᠮᠵᠢᠶ᠎ᠡ ᠶᠢ ᠰᠢᠭᠤᠳ ᠬᠢᠵᠠᠭᠠᠷᠯᠠᠵᠤ ᠪᠠᠶᠢᠳᠠᠭ᠃ ᠣᠶᠢᠷ᠎ᠠ ᠶᠢᠨ ᠵᠢᠯ ᠠᠴᠠ ᠨᠠᠰᠢ᠂ ᠠᠵᠤ | ᠠᠬᠤᠢ ᠶᠢᠨ ᠶᠡᠭᠡ ᠣᠷᠴᠢᠨ ᠨᠥᠬᠦᠴᠡᠯ ᠤᠨ ᠨᠥᠯᠥᠭᠡᠯᠡᠯ ᠠᠴᠠ ᠪᠣᠯᠵᠤ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠳᠤ ᠬᠦᠴᠢᠷᠳᠡᠯ ᠶᠡᠬᠡᠰᠴᠦ᠂ ᠨᠡᠩ ᠣᠯᠠᠨ ᠠᠶᠤᠯ | ᠲᠦᠭᠰᠢᠭᠦᠷᠢ ᠪᠠ ᠲᠣᠭᠲᠠᠭᠠᠯᠲᠤ ᠪᠤᠰᠤ ᠴᠢᠨᠠᠷ ᠲᠤᠯᠭᠠᠷᠠᠵᠤ᠂ ᠣᠯᠠᠩᠬᠢ ᠬᠥᠮᠥᠰ ᠴᠥᠮ ︽ᠵᠣᠭᠤᠰ ᠣᠯᠬᠤ ᠳᠤ | ᠬᠦᠴᠢᠷ︾ ᠭᠡᠵᠦ ᠦᠵᠡᠵᠦ ᠪᠠᠶᠢᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ | ᠢᠯᠡᠳᠲᠡ ᠤᠳᠠᠭᠠᠰᠢᠷᠠᠪᠠ᠂ ᠡᠨᠡ ᠨᠢ ᠮᠠᠰᠢ ᠶᠡᠭᠡ ᠬᠡᠮᠵᠢᠶᠡᠨ ᠳᠡᠭᠡᠷ᠎ᠡ ᠬᠡᠷᠡᠭᠯᠡᠭᠡ ᠶᠢ ᠬᠢᠵᠠᠭᠠᠷᠯᠠᠵᠤ᠂ ᠠᠮᠢᠳᠤᠷᠠᠯ ᠤᠨ | ᠳᠠᠷᠤᠯᠲᠠ ᠶᠢᠨ ᠡᠮᠦᠨ᠎ᠡ᠂ ᠨᠢᠭᠡ ᠪᠦᠯᠦᠭ ᠬᠥᠮᠥᠰ ᠬᠤᠷᠠᠮᠳᠤᠭᠤᠯᠭ᠎ᠠ ᠪᠠᠨ ᠨᠡᠮᠡᠭᠳᠡᠭᠦᠯᠬᠦ᠂ ᠠᠶᠤᠯ ᠲᠦᠭᠰᠢᠭᠦᠷᠢ ᠶᠢ | ᠤᠷᠢᠳᠴᠢᠯᠠᠨ ᠰᠡᠷᠭᠡᠶᠢᠯᠡᠬᠦ ᠤᠬᠠᠮᠰᠠᠷ ᠲᠠᠢ ᠪᠣᠯᠵᠤ᠂ ᠬᠡᠷᠡᠭᠯᠡᠭᠡ ᠬᠢᠬᠦ ᠠᠴᠠ ᠵᠢᠷᠦᠬᠡᠰᠢᠶᠡᠳᠡᠭ ᠪᠣᠯᠪᠠ᠃ ᠬᠤᠶᠠᠷ ᠲᠤ | ᠬᠡᠷᠡᠭᠯᠡᠭᠡᠨ ᠤ ᠠᠵᠢᠯᠯᠠᠭ᠎ᠠ ᠪᠠᠭᠠᠰᠤᠭᠰᠠᠨ᠃ ᠰᠡᠭᠦᠯᠴᠢ ᠶᠢᠨ ᠬᠢᠵᠢᠭ ᠤᠨ ᠪᠠᠶᠢᠳᠠᠯ ᠤᠨ ᠦᠶ᠎ᠡ ᠳᠤ᠂ ᠮᠠᠰᠢ ᠤᠯᠠᠨ | ᠠᠵᠤ ᠠᠬᠤᠶᠢᠯᠠᠯ ᠤᠨ ᠵᠠᠬᠢᠶᠠᠯᠠᠭ᠎ᠠ ᠶᠢᠨ ᠪᠠᠭᠠᠰᠤᠭᠰᠠᠨ ᠠᠴᠠ ᠪᠣᠯᠵᠤ᠂ ᠡᠭᠦᠳᠡ ᠪᠠᠨ ᠬᠠᠭᠠᠬᠤ᠂ | ᠦᠢᠯᠡᠳᠪᠦᠷᠢᠯᠡᠯ ᠢᠶᠠᠨ ᠵᠣᠭᠰᠤᠭᠠᠬᠤ ᠬᠦᠴᠢᠷᠳᠡᠯ ᠳᠤ ᠲᠤᠯᠭᠠᠷᠠᠵᠤ᠂ ᠬᠡᠰᠡᠭ ᠬᠥᠮᠥᠰ ᠠᠵᠢᠯ ᠠᠯᠳᠠᠬᠤ᠂ | ᠣᠷᠣᠯᠭ᠎ᠠ ᠶᠢᠨ ᠢᠷᠡᠯᠲᠡ ᠪᠠᠨ ᠠᠯᠳᠠᠬᠤ ᠵᠡᠷᠭᠡ ᠬᠦᠴᠢᠷᠳᠡᠯ ᠳᠤ ᠲᠤᠯᠭᠠᠷᠠᠪᠠ᠃ ᠡᠶᠢᠮᠦ ᠠᠴᠠ ᠰᠠᠭᠤᠭᠠᠯᠢ | ᠠᠷᠠᠳ ᠤᠨ ᠠᠳᠠᠯᠢ ᠬᠤᠭᠤᠴᠠᠭᠠᠨ ᠤ ᠬᠢ ᠠᠴᠠ ᠡᠮᠦᠨᠡᠬᠢ ᠠᠮᠢᠳᠤᠷᠠᠯ ᠤᠨ ᠳᠠᠷᠤᠯᠲᠠ ᠭᠡᠨᠡᠳᠲᠡ ᠨᠡᠮᠡᠭᠳᠡᠭᠰᠡᠨ ᠤ | ᠳᠡᠭᠡᠷ᠎ᠡ ᠪᠠᠷᠠᠭᠠᠨ ᠤ ᠦᠨ᠎ᠡ ᠵᠣᠬᠢᠬᠤ ᠬᠡᠮᠵᠢᠶ᠎ᠡ ᠪᠠᠷ ᠥᠰᠦᠭᠰᠡᠨ ᠠᠴᠠ ᠬᠥᠮᠥᠰ ᠤᠨ ᠬᠡᠷᠡᠭᠯᠡᠭᠡᠨ ᠤ ᠠᠵᠢᠯᠯᠠᠭ᠎ᠠ ᠨᠢ | ᠤᠬᠠᠭᠠᠯᠢᠭ ᠪᠣᠯᠵᠤ᠂ ᠬᠡᠷᠡᠭᠯᠡᠭᠡᠨ ᠤ ᠵᠠᠷᠤᠯᠭ᠎ᠠ ᠡᠳᠦᠢ ᠲᠡᠳᠦᠢ ᠪᠠᠭᠠᠰᠤᠭᠰᠠᠨ ᠪᠠᠶᠢᠨ᠎ᠠ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠳᠬᠠᠬᠤ ᠴᠢᠬᠤᠯᠠᠲᠠᠢ ᠪᠠᠶᠢᠨ᠎ᠠ᠃ | ᠭᠦᠢᠴᠡᠳ ᠵᠣᠷᠢᠭᠵᠢᠭᠤᠯᠤᠯ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠳᠤᠲᠠᠭᠳᠠᠪᠠᠯ ᠠᠵᠤ ᠠᠬᠤᠶᠢᠯᠠᠯ ᠪᠠ | ᠬᠡᠷᠡᠭᠯᠡᠭᠴᠢᠳ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠳᠤ ᠣᠷᠣᠯᠴᠠᠬᠤ ᠳᠤ ᠪᠠᠶᠢᠳᠠᠯ ᠢ ᠠᠵᠢᠭᠯᠠᠬᠤ | ᠣᠪᠣᠷ ᠲᠠᠢ ᠪᠣᠯᠭᠠᠵᠤ ᠮᠡᠳᠡᠨ᠎ᠡ᠃ ᠠᠵᠤ ᠠᠬᠤᠶᠢᠯᠠᠯ ᠳᠤ ᠠᠪᠴᠤ ᠬᠡᠯᠡᠪᠡᠯ᠂ ᠠᠩᠬᠠᠨ ᠤ ᠬᠤᠭᠤᠴᠠᠭᠠᠨ ᠤ ᠪᠡᠯᠡ | ᠣᠷᠣᠭᠤᠯᠤᠯᠲᠠ ᠶᠢᠨ ᠥᠪᠡᠷ ᠤᠨ ᠥᠷᠲᠡᠭ᠂ ᠲᠣᠭᠲᠠᠭᠠᠯᠲᠤ ᠪᠤᠰᠤ ᠬᠠᠷᠢᠭᠤ ᠬᠠᠷᠠᠮᠵᠢ ᠵᠢᠴᠢ ᠨᠠᠷᠢᠨ ᠪᠤᠳᠤᠯᠢᠶᠠᠨᠲᠠᠢ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠨᠢ ᠲᠡᠭᠦᠨ ᠤ ᠲᠣᠰ ᠠᠵᠢᠯᠯᠠᠭ᠎ᠠ ᠳᠤ | ᠣᠷᠣᠯᠴᠠᠬᠤ ᠶᠢᠨ ᠭᠤᠣᠯ ᠬᠠᠷᠰᠢ ᠰᠠᠭᠠᠳ ᠪᠣᠯᠵᠤ ᠮᠡᠳᠡᠨ᠎ᠡ᠃ ᠬᠡᠷᠡᠭᠯᠡᠭᠴᠢᠳ ᠲᠤ ᠠᠪᠴᠤ ᠬᠡᠯᠡᠪᠡᠯ᠂ ᠬᠡᠷᠪᠡ | ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ᠂ ᠨᠥᠬᠦᠪᠦᠷᠢ ᠥᠭᠬᠦ ᠵᠡᠷᠭᠡ ᠰᠢᠭᠤᠳ ᠠᠵᠤ ᠠᠬᠤᠢ ᠶᠢᠨ | ᠤᠷᠮᠠᠰᠢᠭᠤᠯᠤᠯ ᠪᠠᠶᠢᠬᠤ ᠦᠭᠡᠢ ᠪᠣᠯ ᠲᠡᠳᠡ ᠰᠢᠨ᠎ᠡ ᠦᠢᠯᠡᠳᠬᠦᠨ ᠢ ᠰᠢᠭᠤᠳ ᠬᠤᠳᠠᠯᠳᠤᠨ ᠠᠪᠬᠤ ᠠᠴᠠ ᠪᠢᠰᠢ | ᠬᠠᠭᠤᠴᠢᠨ ᠢᠶᠠᠷ ᠰᠢᠨ᠎ᠡ ᠶᠢ ᠰᠣᠯᠢᠬᠤ ᠳᠤ ᠣᠷᠤᠯᠴᠠᠬᠤ ᠦᠭᠡᠢ ᠪᠠᠶᠢᠵᠤ ᠮᠡᠳᠡᠨ᠎ᠡ᠃ | ︵ᠭᠤᠷᠪᠠ︶ ᠬᠡᠷᠡᠭᠯᠡᠭᠴᠢᠳ ᠤᠨ ᠢᠲᠡᠭᠡᠯ ᠲᠤᠲᠠᠮᠠᠭ ᠪᠠᠶᠢᠬᠤ᠃ ᠬᠡᠷᠡᠭᠯᠡᠭᠴᠢᠳ ᠤᠨ ᠬᠠᠭᠤᠴᠢᠨ ᠢᠶᠠᠷ ᠰᠢᠨ᠎ᠡ | ᠶᠢ ᠰᠣᠯᠢᠬᠤ ᠠᠵᠢᠯᠯᠠᠭ᠎ᠠ ᠶᠢᠨ ᠲᠠᠯ᠎ᠠ ᠪᠠᠷ ᠬᠢ ᠢᠲᠡᠭᠡᠯ ᠲᠤᠲᠠᠮᠠᠭ ᠪᠠᠶᠢᠬᠤ ᠨᠢ ᠭᠤᠣᠯᠳᠠᠭᠤ ᠡᠭᠡᠭᠦᠯᠦᠨ | ᠬᠤᠷᠢᠶᠠᠭᠰᠠᠨ ᠠᠵᠤ ᠠᠬᠤᠶᠢᠯᠠᠯ ᠢ ᠦᠨᠡᠯᠡᠨ ᠵᠢᠱᠢᠬᠦ ᠪᠠᠷᠢᠮᠵᠢᠶ᠎ᠠ ᠨᠢ ᠲᠣᠳᠣᠷᠬᠠᠢ ᠦᠭᠡᠢ ᠪᠠᠶᠢᠬᠤ᠂ ᠬᠤᠪᠢ | ᠬᠥᠮᠥᠨ ᠤ ᠮᠡᠳᠡᠭᠡ ᠵᠠᠩᠭᠢ ᠶᠢ ᠵᠠᠳᠠᠷᠠᠭᠤᠯᠬᠤ ᠠᠴᠠ ᠠᠶᠤᠵᠤ ᠪᠠᠶᠢᠬᠤ᠂ ᠦᠢᠯᠡᠳᠬᠦᠨ ᠤ ᠶᠠᠰᠤ ᠴᠢᠨᠠᠷ ᠢ ᠳᠠᠬᠢᠨ | ᠠᠰᠢᠭᠯᠠᠬᠤ ᠲᠠᠯ᠎ᠠ ᠪᠠᠷ ᠰᠠᠨᠠᠭᠠᠰᠢᠷᠠᠵᠤ ᠪᠠᠶᠢᠬᠤ ᠵᠢᠴᠢ ᠪᠦᠬᠦ᠋ᠢᠯᠡ ᠶᠠᠪᠤᠴᠠ ᠶᠢ ᠣᠶᠢᠯᠠᠭᠠᠬᠤ ᠦᠭᠡᠢ ᠠᠴᠠ | ᠪᠣᠯᠤᠭᠰᠠᠨ ᠶᠤᠮ᠃ ᠡᠭᠦᠨ ᠤ ᠬᠠᠮᠲᠤ ᠬᠡᠷᠡᠭᠯᠡᠭᠴᠢᠳ ᠪᠠᠰᠠ ᠬᠠᠭᠤᠴᠢᠨ ᠢᠶᠠᠷ ᠰᠢᠨ᠎ᠡ ᠶᠢ ᠰᠣᠯᠢᠭᠰᠠᠨ ᠤ ᠳᠠᠷᠠᠭ᠎ᠠ | ᠣᠯᠣᠭᠰᠠᠨ ᠰᠢᠨ᠎ᠡ ᠦᠢᠯᠡᠳᠬᠦᠨ ᠪᠤᠶᠤ ᠰᠢᠨ᠎ᠡ ᠦᠢᠯᠡᠴᠢᠯᠡᠭᠡᠨ ᠤ ᠶᠠᠰᠤ ᠴᠢᠨᠠᠷ ᠲᠤ ᠰᠡᠵᠢᠭ ᠲᠠᠢ ᠪᠠᠶᠢᠵᠤ | ᠮᠡᠳᠡᠨ᠎ᠡ᠃ | | | ᠭᠤᠷᠪᠠ᠂ ᠣᠨᠤᠪᠴᠢᠲᠠᠢ ᠳᠡᠮᠵᠢᠬᠦ ᠰᠠᠨᠠᠭᠤᠯᠭ᠎ᠠ | | | ︵ᠨᠢᠭᠡ︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠢ ᠦᠷᠭᠦᠯᠵᠢᠯᠡᠨ | ᠠᠬᠢᠭᠤᠯᠤᠨ᠎ᠠ᠃ ᠣᠷᠣᠯᠭ᠎ᠠ ᠶᠢ ᠨᠡᠮᠡᠭᠳᠡᠭᠦᠯᠬᠦ ᠪᠣᠯ ᠰᠠᠭᠤᠭᠠᠯᠢ ᠠᠷᠠᠳ ᠤᠨ ᠬᠡᠷᠡᠭᠯᠡᠭᠡᠨ ᠤ ᠬᠢᠷᠢ ᠬᠡᠮᠵᠢᠶ᠎ᠡ ᠪᠠ | ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠬᠢᠷᠢ | ᠬᠡᠮᠵᠢᠶᠡᠨ ᠤ ᠵᠥᠷᠢᠶ᠎ᠡ ᠶᠢ ᠪᠠᠭᠠᠰᠬᠠᠬᠤ ᠶᠢᠨ ᠦᠨᠳᠦᠰᠦ ᠮᠥᠨ᠃ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ | ᠠᠬᠢᠭᠤᠯᠬᠤ ᠶᠠᠪᠤᠳᠠᠯ ᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠪᠦᠬᠦ ᠬᠦᠴᠦ ᠪᠠᠷ ᠢᠶᠠᠨ ᠴᠢᠷᠮᠠᠶᠢᠵᠤ ᠪᠠᠶᠢᠭᠠᠳ | ᠤᠯᠠᠨ ᠵᠦᠢᠯ ᠤᠨ ᠠᠷᠭ᠎ᠠ ᠬᠡᠮᠵᠢᠶ᠎ᠡ᠂ ᠤᠯᠠᠨ ᠵᠦᠢᠯ ᠤᠨ ᠠᠷᠭ᠎ᠠ ᠵᠠᠮ ᠢᠶᠠᠷ ᠰᠠᠭᠤᠭᠠᠯᠢ ᠠᠷᠠᠳ ᠤᠨ ᠣᠷᠣᠯᠭ᠎ᠠ ᠶᠢᠨ | ᠨᠡᠮᠡᠭᠳᠡᠯ ᠢ ᠠᠬᠢᠭᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠲᠦᠪᠰᠢᠨ ᠢ | ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠰᠠᠭᠤᠷᠢ ᠪᠡᠯᠡᠳᠬᠡᠮᠵᠢ ᠶᠢᠨ ᠣᠷᠣᠭᠤᠯᠤᠯᠲᠠ ᠶᠢ | ᠲᠠᠰᠤᠷᠠᠯᠲᠠ ᠦᠭᠡᠢ ᠨᠡᠮᠡᠭᠳᠡᠭᠦᠯᠦᠨ ᠲᠡᠭᠦᠯᠳᠡᠷᠵᠢᠭᠦᠯᠦᠨ᠎ᠡ᠃ ᠬᠤᠳᠠ ᠬᠥᠳᠡᠭᠡ ᠶᠢᠨ ᠰᠤᠷᠭᠠᠨ ᠬᠥᠮᠦᠵᠢᠯ᠂ ᠡᠮ | ᠡᠮᠨᠡᠯᠭᠡ᠂ ᠵᠠᠮ ᠬᠠᠷᠢᠯᠴᠠᠭ᠎ᠠ ᠵᠡᠷᠭᠡ ᠤᠯᠠᠮᠵᠢᠯᠠᠯᠲᠤ ᠰᠠᠭᠤᠷᠢ ᠲᠥᠬᠦᠭᠡᠷᠦᠮᠵᠢ ᠶᠢ ᠲᠠᠰᠤᠷᠠᠯᠳᠠ ᠦᠭᠡᠢ | ᠲᠡᠭᠦᠯᠳᠡᠷᠵᠢᠭᠦᠯᠬᠦ ᠶᠢᠨ ᠵᠡᠷᠭᠡᠴᠡᠭᠡᠪᠡᠷ ᠲᠣᠣᠷ ᠰᠦᠯᠵᠢᠶᠡᠨ ᠤ ᠮᠡᠳᠡᠭᠡ ᠬᠤᠯᠪᠣᠭ᠎ᠠ᠂ ᠡᠳ᠋ ᠪᠠᠷᠠᠭᠠᠨ ᠤ ᠭᠦᠢᠯᠭᠡᠭᠡ | ᠲᠦᠷᠭᠡᠨ ᠬᠦᠷᠭᠡᠯᠲᠡ᠂ ᠰᠢᠤᠳᠠᠨ ᠤ ᠬᠥᠮᠥᠷᠭᠡᠯᠡᠯᠲᠡ ᠵᠡᠷᠭᠡ ᠤᠳᠤ ᠦᠶ᠎ᠡ ᠶᠢᠨ ᠮᠡᠳᠡᠭᠡ ᠵᠠᠩᠭᠢ ᠶᠢᠨ ᠡᠳ᠋ | ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠬᠥᠮᠥᠨ ᠠᠮᠠ᠂ ᠡᠳ᠋ ᠪᠠᠷᠠᠭ᠎ᠠ ᠪᠠ | ᠦᠢᠯᠡᠴᠢᠯᠡᠭᠡᠨ ᠤ ᠭᠦᠢᠯᠭᠡᠭᠡ ᠶᠢ ᠠᠬᠢᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠪᠠ ᠬᠡᠷᠡᠭᠯᠡᠭᠡᠨ ᠳᠤ ᠲᠦᠬᠦᠮ | ᠦᠵᠡᠭᠦᠯᠬᠦ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠳᠤ ᠨᠡᠩ | ᠥᠷᠭᠡᠨ ᠠᠭᠤᠳᠠᠮ ︽ᠲᠠᠪᠴᠠᠩ︾ ᠬᠠᠩᠭᠠᠵᠤ᠂ ᠬᠡᠷᠡᠭᠯᠡᠭᠡᠨ ᠤ ᠶᠠᠰᠤ ᠴᠢᠨᠠᠷ ᠢ ᠲᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠢ᠃ | ︵ᠬᠤᠶᠠᠷ︶ ᠡᠯᠪᠡᠭ ᠪᠠᠶᠠᠯᠢᠭ ᠬᠡᠷᠡᠭᠯᠡᠭᠡᠨ ᠤ ᠠᠬᠤᠢ ᠪᠠᠶᠢᠳᠠᠯ ᠢ ᠪᠣᠶ ᠪᠣᠯᠭᠠᠨ᠎ᠠ᠃ ᠰᠢᠯᠢᠳᠡᠭ ᠰᠣᠶᠣᠯ | ᠵᠢᠭᠤᠯᠴᠢᠯᠠᠯ ᠤᠨ ᠦᠵᠡᠮᠵᠢ ᠶᠢᠨ ᠣᠷᠣᠨ ᠢ ᠢᠳᠡᠪᠬᠢᠲᠡᠢ ᠪᠣᠶ ᠪᠣᠯᠭᠠᠵᠤ᠂ ᠬᠠᠲᠤᠨ ᠭᠤᠣᠯ ᠤᠨ ᠤᠰᠤᠨ ᠤ | ᠰᠣᠶᠣᠯ ᠢᠶᠠᠷ ᠠᠴᠢᠶᠠᠯᠠᠪᠤᠷᠢ ᠪᠣᠯᠭᠠᠨ᠂ ᠴᠢᠬᠤᠯᠠ ᠵᠤᠭ᠎ᠠ ᠴᠡᠩᠭᠡᠯ ᠤᠨ ᠬᠤᠲᠠ ᠶᠢ ᠲᠠᠲᠠᠵᠤ ᠴᠢᠩ ᠱᠦᠢ ᠾᠧ ᠳᠤ | ᠨᠤᠲᠤᠭᠰᠢᠭᠤᠯᠵᠤ᠂ ᠵᠢᠭᠤᠯᠴᠢᠯᠠᠯ ᠬᠢᠭᠡᠳ ᠲᠣᠭᠯᠠᠯᠲᠠ ᠶᠢᠨ ᠤᠷᠠᠯᠢᠭ ᠤᠨ ᠠᠭᠤᠰᠤᠯᠴᠠᠨ ᠬᠥᠭᠵᠢᠬᠦ ᠶᠢ ᠠᠬᠢᠭᠤᠯᠵᠤ | ᠂ ᠵᠢᠭᠤᠯᠴᠢᠯᠠᠭᠴᠢᠳ ᠤᠨ ᠬᠡᠷᠡᠭᠯᠡᠭᠡᠨ ᠤ ᠪᠡᠶᠡᠴᠢᠯᠡᠨ ᠣᠶᠢᠯᠠᠭᠠᠯᠲᠠ ᠶᠢ ᠨᠡᠮᠡᠭᠳᠡᠭᠦᠯᠦᠨ᠎ᠡ᠃ ᠬᠡᠷᠡᠭᠯᠡᠭᠡᠨ ᠤ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠣᠶᠢᠵᠢᠭᠤᠯᠤᠨ ᠰᠢᠯᠢᠳᠡᠭᠵᠢᠭᠦᠯᠵᠦ᠂ ᠬᠡᠷᠡᠭᠯᠡᠭᠡᠨ ᠤ | ᠬᠠᠩᠭᠠᠯᠭ᠎ᠠ ᠶᠢ ᠪᠠᠶᠠᠯᠢᠭᠵᠢᠭᠤᠯᠤᠨ᠂ ᠬᠡᠷᠡᠭᠯᠡᠭᠡᠨ ᠤ ᠣᠷᠴᠢᠨ ᠲᠣᠭᠤᠷᠢᠨ ᠤ ᠠᠮᠤᠷ ᠲᠦᠪᠰᠢᠨ ᠤ ᠬᠡᠮᠵᠢᠶ᠎ᠡ᠂ | ᠡᠵᠡᠩᠨᠡᠭᠴᠢᠳ ᠤᠨ ᠢᠲᠡᠭᠡᠮᠵᠢ ᠶᠢᠨ ᠬᠡᠮᠵᠢᠶ᠎ᠡ ᠪᠠ ᠬᠡᠷᠡᠭᠯᠡᠭᠴᠢᠳ ᠤᠨ ᠬᠠᠨᠤᠮᠵᠢ ᠶᠢᠨ ᠬᠡᠮᠵᠢᠶ᠎ᠡ ᠶᠢ ᠪᠥᠬᠦ | ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠣᠷᠣᠨ ᠪᠦᠰᠡ ᠶᠢᠨ ᠨᠥᠯᠥᠭᠡᠯᠡᠬᠦ ᠬᠦᠴᠦᠨ᠂ ᠥᠷᠢᠰᠦᠯᠳᠦᠬᠦ ᠬᠦᠴᠦᠨ ᠪᠠ | ᠢᠷᠠᠭᠤ ᠠᠯᠳᠠᠷ ᠤᠨ ᠬᠡᠮᠵᠢᠶ᠎ᠡ ᠲᠠᠢ ᠬᠡᠷᠡᠭᠯᠡᠭᠡᠨ ᠤ ᠲᠥᠪ ᠢ ᠲᠦᠷᠭᠡᠳᠬᠡᠨ ᠪᠠᠶᠢᠭᠤᠯᠤᠨ᠎ᠠ᠃ | ︵ᠭᠤᠷᠪᠠ︶ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠭᠦᠨᠵᠡᠭᠡᠢ ᠠᠬᠢᠭᠤᠯᠤᠨ᠎ᠠ᠃ | ︽ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠠᠷᠭ᠎ᠠ | ᠬᠡᠮᠵᠢᠶ᠎ᠡ ᠨᠦᠭᠦᠳ ᠤᠨ ᠲᠤᠬᠠᠢ ᠮᠡᠳᠡᠭᠳᠡᠯ︾ ᠢ ᠲᠦᠷᠭᠡᠪᠴᠢᠯᠡᠨ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ | ︽ᠬᠤᠶᠠᠷ ᠰᠢᠨ᠎ᠡ︾ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ ᠦᠷᠭᠦᠯᠵᠢᠯᠡᠨ ᠬᠦᠴᠦᠯᠡᠨ | ᠥᠷᠭᠡᠳᠬᠡᠵᠦ᠂ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠠᠰᠢᠭ ᠢ ᠦᠷᠭᠦᠯᠵᠢᠯᠡᠨ | ᠪᠠᠳᠠᠷᠠᠭᠤᠯᠵᠤ᠂ ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ | ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ᠂ ᠭᠡᠷ ᠤᠨ ᠡᠳ᠋ᠯᠡᠯ ᠬᠡᠷᠡᠭᠰᠡᠯ ᠤᠨ ᠰᠢᠨ᠎ᠡ ᠶᠢ ᠰᠣᠯᠢᠬᠤ ᠵᠡᠷᠭᠡ | ᠬᠦᠷᠢᠶᠡᠨ ᠳᠤ ᠭᠤᠣᠯᠳᠠᠯᠭ᠎ᠠ ᠲᠠᠢ ᠪᠠᠷ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠡᠯᠪᠡᠭ ᠪᠠᠶᠠᠯᠢᠭ | ᠠᠵᠢᠯᠯᠠᠭ᠎ᠠ ᠶᠢᠨ ᠤᠬᠠᠭᠤᠯᠭ᠎ᠠ ᠶᠢ ᠬᠠᠮᠲᠤᠷᠠᠨ ᠵᠢᠯᠤᠭᠤᠳᠴᠤ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ | ᠵᠡᠷᠭᠡ ᠶᠡᠭᠡ ᠬᠡᠮᠵᠢᠶᠡᠨ ᠤ ᠲᠠᠸᠠᠷ ᠤᠨ ᠨᠡᠮᠡᠭᠳᠡᠯ ᠤᠨ ᠬᠠᠨᠳᠤᠰᠢ ᠶᠢ ᠲᠣᠭᠲᠠᠪᠤᠷᠢᠵᠢᠭᠤᠯᠤᠨ᠎ᠠ᠃ ᠡᠭᠦᠨ ᠤ ᠬᠠᠮᠲᠤ | ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠢ ᠪᠠᠶᠢᠭᠤᠯᠵᠤ᠂ ᠬᠡᠷᠡᠭᠯᠡᠭᠴᠢᠳ ᠲᠤ ᠪᠦᠲᠦᠭᠡᠭᠳᠡᠬᠦᠨ ᠢ ᠦᠨᠡᠯᠡᠨ | ᠵᠢᠱᠢᠬᠦ ᠪᠠᠷᠢᠮᠵᠢᠶ᠎ᠠ᠂ ᠬᠤᠷᠢᠶᠠᠨ ᠠᠪᠴᠢᠷᠠᠬᠤ ᠶᠠᠪᠤᠴᠠ᠂ ᠦᠨ᠎ᠡ ᠮᠡᠳᠡᠭᠦᠯᠬᠦ ᠲᠣᠭᠲᠠᠴᠠ ᠵᠢᠴᠢ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠬᠢᠭᠡᠳ ᠨᠥᠬᠦᠪᠦᠷᠢ ᠶᠢᠨ ᠮᠡᠳᠡᠭᠡ ᠵᠠᠩᠭᠢ ᠶᠢ ᠨᠠᠷᠢᠨ ᠲᠣᠳᠣᠷᠬᠠᠢ ᠬᠠᠩᠭᠠᠵᠤ᠂ | ᠬᠡᠷᠡᠭᠯᠡᠭᠴᠢᠳ ᠲᠤ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨ᠎ᠡ ᠬᠠᠮᠢᠶ᠎ᠠ | ᠪᠦᠬᠦᠢ ᠮᠡᠳᠡᠭᠡ ᠵᠠᠩᠭᠢ ᠶᠢ ᠭᠦᠢᠴᠡᠳ ᠣᠶᠢᠯᠠᠭᠠᠭᠤᠯᠵᠤ᠂ ᠤᠬᠠᠭᠠᠯᠢᠭ ᠰᠢᠢᠳᠪᠦᠷᠢᠲᠦ ᠪᠣᠳᠣᠯᠭ᠎ᠠ ᠭᠠᠷᠭᠠᠯᠭᠠᠨ᠎ᠠ᠃ | ᠡᠭᠦᠨ ᠤ ᠵᠡᠷᠭᠡ ᠳᠤ᠂ ᠲᠠᠪᠴᠠᠩ ᠨᠢ ᠪᠠᠰᠠ ᠰᠦᠯᠵᠢᠶᠡᠨ ᠳᠡᠭᠡᠷ᠎ᠡ ᠦᠨᠡᠯᠡᠨ ᠵᠢᠱᠢᠬᠦ᠂ ᠤᠷᠢᠳᠴᠢᠯᠠᠨ ᠪᠣᠯᠵᠣᠬᠤ | ᠦᠢᠯᠡᠴᠢᠯᠡᠭᠡ ᠵᠡᠷᠭᠡ ᠴᠢᠳᠠᠮᠵᠢ ᠶᠢ ᠬᠠᠩᠭᠠᠵᠤ᠂ ᠬᠡᠷᠡᠭᠯᠡᠭᠴᠢᠳ ᠤᠨ ᠦᠢᠯᠡᠴᠢᠯᠡᠭᠡᠨ ᠤ ᠣᠶᠢᠯᠠᠭᠠᠯᠲᠠ ᠶᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠂ ᠨᠠᠩ ᠣᠯᠠᠨ ᠰᠠᠭᠤᠭᠠᠯᠢ ᠠᠷᠠᠳ ᠪᠠ ᠬᠤᠯᠪᠣᠭᠳᠠᠯ ᠪᠦᠬᠦᠢ ᠡᠵᠡᠩᠨᠡᠯᠲᠡ ᠶᠢᠨ | ᠪᠡᠶᠡᠴᠢ ᠴᠣᠭᠴᠠ ᠶᠢᠨ ᠥᠷᠭᠡᠨ ᠳᠡᠯᠭᠡᠷ ᠳᠡᠮᠵᠢᠯᠭᠡ ᠪᠠ ᠣᠷᠤᠯᠴᠠᠯᠭ᠎ᠠ ᠶᠢ ᠳᠠᠶᠢᠴᠢᠯᠠᠵᠤ ᠪᠣᠯᠣᠨ᠎ᠠ᠃ | |