4 ᠳ᠋ᠦ᠋ᠭᠡᠷ ᠰᠠᠷ᠎ᠠ ᠶᠢᠨ 21 ᠤ ᠡᠳᠦᠷ᠂ ︽ᠳᠤᠮᠳᠠᠳᠤ ᠤᠯᠤᠰ ᠤᠨ ᠡᠳᠦᠷ ᠤᠨ ᠰᠣᠨᠢᠨ︾ ᠤ ᠲᠡᠷᠢᠭᠦᠨ | ᠨᠢᠭᠤᠷ ᠤᠨ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠷᠣᠨ ᠨᠤᠲᠤᠭ ᠲᠠᠬᠢ ᠦᠢᠯᠡᠳᠦᠯᠭᠡ︾ | ᠪᠤᠯᠤᠩ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠶᠢᠨ | ᠲᠤᠰᠬᠠᠢ ᠰᠣᠷᠪᠤᠯᠵᠢᠯᠠᠭ᠎ᠠ ︽Inner Mongolia acts as green power bank︾ ︵ | ᠥᠪᠥᠷ ᠮᠣᠩᠭᠤᠯ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ | ᠠᠬᠢᠭᠤᠯᠵᠤ ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ | ᠭᠠᠵᠠᠷ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠎ᠠ︶ ᠢ ᠨᠡᠶᠢᠲᠡᠯᠡᠪᠡ᠃ | ᠰᠤᠷᠪᠤᠯᠵᠢᠯᠠᠭᠴᠢ᠄ ᠥᠪᠥᠷ ᠮᠣᠩᠭᠤᠯ ᠰᠢᠨ᠎ᠡ ᠡᠨᠧᠷᠭᠢ ᠶᠢ ᠬᠥᠭᠵᠢᠭᠦᠯᠬᠦ ᠲᠠᠯ᠎ᠠ ᠪᠠᠷ ᠶᠠᠮᠠᠷ ᠶᠠᠮᠠᠷ ᠥᠪᠡᠷᠮᠢᠴᠡ | ᠳᠠᠪᠠᠭᠤᠯᠢᠭ ᠪᠠᠶᠢᠬᠤ ᠪᠣᠢ᠂ ᠨᠢᠳᠤᠨᠤᠨ ᠶᠠᠮᠠᠷ ᠶᠠᠮᠠᠷ ᠰᠢᠨ᠎ᠡ ᠰᠢᠪᠲᠤᠯᠤᠯᠲᠠ᠂ ᠰᠢᠨ᠎ᠡ ᠬᠢᠯᠠᠰ ᠴᠡᠭ ᠲᠠᠢ ᠪᠣᠯᠤᠭᠰᠠᠨ | ᠪᠣᠶ︖ | ᠸᠠᠩ ᠯᠢ ᠰᠢᠶᠠ᠄ ᠨᠢᠭᠡ ᠳᠤ ᠤᠯᠤᠰ ᠤᠨ ᠰᠠᠶᠢᠨ ᠲᠥᠷᠥ ᠶᠢᠨ ᠪᠣᠳᠣᠯᠭ᠎ᠠ᠃ ᠥᠪᠥᠷ ᠮᠣᠩᠭᠤᠯ ᠤᠷᠢᠳ | ᠬᠤᠵᠢᠳ ᠤᠯᠤᠰ ᠤᠨ ᠨᠢᠭᠡᠳᠦᠭᠡᠷ ᠪᠦᠯᠦᠭ᠂ ᠬᠤᠶᠠᠳᠤᠭᠠᠷ ᠪᠦᠯᠦᠭ᠂ ᠭᠤᠷᠪᠠᠳᠤᠭᠠᠷ ᠪᠦᠯᠦᠭ ᠵᠢᠴᠢ ︽ᠡᠯᠡᠰᠦ | ᠭᠤᠪᠢ ᠴᠥᠯ︾ ᠭᠠᠵᠠᠷ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠰᠠᠭᠤᠷᠢᠨ | ᠭᠠᠵᠠᠷ ᠤᠨ ᠲᠥᠷᠥᠯ ᠵᠦᠢᠯ ᠤᠨ ᠵᠥᠪᠰᠢᠶᠡᠷᠡᠯ ᠢ ᠣᠯᠵᠠᠢ᠃ 2023 ᠣᠨ ᠠᠴᠠ ᠨᠠᠭᠠᠰᠢ᠂ ᠲᠦᠷᠦ ᠶᠢᠨ | ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ | ᠳᠠᠷᠤᠮᠠᠯᠯᠠᠨ ᠶᠠᠪᠤᠭᠤᠯᠵᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 6 ᠰᠠᠯᠠᠭ᠎ᠠ | ᠮᠥᠴᠢᠷ ︽ᠥᠪᠥᠷ ᠮᠣᠩᠭᠤᠯ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠴᠢᠨᠠᠷ ᠰᠠᠶᠢᠲᠠᠢ | ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠢ ᠮᠡᠳᠡᠭᠳᠡᠯ︾ ᠵᠡᠷᠭᠡ | ᠪᠢᠴᠢᠭ ᠮᠠᠲ᠋ᠧᠷᠢᠶᠠᠯ ᠢ ᠳᠠᠷᠤᠮᠠᠯᠯᠠᠨ ᠪᠠᠭᠤᠯᠭᠠᠭᠠᠳ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠠᠵᠤ ᠦᠢᠯᠡᠰ ᠤᠨ | ᠬᠥᠭᠵᠢᠯᠲᠡ ᠶᠢ ᠬᠦᠴᠦᠲᠡᠢ ᠳᠡᠮᠵᠢᠪᠡ᠃ | ᠬᠤᠶᠠᠷ ᠲᠤ ᠰᠠᠯᠬᠢᠨ ᠬᠦᠴᠦᠨ ᠤ ᠪᠠ ᠭᠡᠷᠡᠯᠴᠢ ᠡᠨᠧᠷᠭᠢ ᠶᠢᠨ ᠰᠢᠷᠭᠢᠰᠢ ᠦᠭᠡᠢ ᠡᠯᠪᠡᠭ ᠰᠠᠶᠢᠨ ᠡᠬᠢ | ᠪᠠᠶᠠᠯᠢᠭ᠃ ᠰᠠᠯᠬᠢᠨ ᠬᠦᠴᠦᠨ ᠤ ᠡᠨᠧᠷᠭᠢ ᠶᠢᠨ ᠡᠬᠢ ᠪᠠᠶᠠᠯᠢᠭ ᠢ ᠣᠳᠣᠬᠠᠨ ᠤ ᠮᠡᠷᠭᠡᠵᠢᠯ ᠢᠶᠠᠷ ᠨᠡᠭᠡᠭᠡᠨ ᠠᠰᠢᠭᠯᠠᠵᠤ | ᠪᠣᠯᠬᠤ ᠬᠡᠮᠵᠢᠶ᠎ᠡ 14.6 ᠳ᠋ᠦᠩᠰᠢᠭᠤᠷ ᠺᠢᠯᠣᠸᠠᠲ ᠪᠠᠶᠢᠵᠤ᠂ ᠪᠠᠷᠤᠭ ᠪᠦᠬᠦ ᠤᠯᠤᠰ ᠤᠨ 57% ᠶᠢ ᠡᠵᠡᠯᠡᠨ᠎ᠡ᠂ | ᠨᠡᠷᠡᠨ ᠤ ᠡᠨᠧᠷᠭᠢ ᠶᠢᠨ ᠡᠬᠢ ᠪᠠᠶᠠᠯᠢᠭ ᠢ ᠣᠳᠣᠬᠠᠨ ᠤ ᠮᠡᠷᠭᠡᠵᠢᠯ ᠢᠶᠠᠷ ᠨᠡᠭᠡᠭᠡᠨ ᠠᠰᠢᠭᠯᠠᠵᠤ ᠪᠣᠯᠬᠤ ᠬᠡᠮᠵᠢᠶ᠎ᠡ 94 | ᠳ᠋ᠦᠩᠰᠢᠭᠤᠷ ᠺᠢᠯᠣᠸᠠᠲ ᠪᠠᠶᠢᠵᠤ᠂ ᠪᠠᠷᠤᠭ ᠪᠦᠬᠦ ᠤᠯᠤᠰ ᠤᠨ 21% ᠶᠢ ᠡᠵᠡᠯᠡᠵᠦ ᠪᠠᠶᠢᠨ᠎ᠠ᠃ | ᠭᠤᠷᠪᠠ ᠳᠤ ᠪᠡᠭᠡᠵᠢᠩ ᠲᠢᠶᠠᠨᠵᠢᠨ ᠾᠧᠪᠧᠢ ᠯᠦᠭᠡ ᠬᠥᠷᠰᠢᠯᠡᠵᠦ ᠪᠠᠶᠢᠭ᠎ᠠ ᠰᠠᠶᠢᠨ ᠵᠠᠬ᠎ᠠ ᠳᠡᠯᠭᠡᠭᠦᠷ᠃ ᠪᠢᠳᠡ | ᠡᠨᠡ ᠬᠦ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ | ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃ ᠥᠨᠥ ᠵᠢᠯ ᠤᠨ ᠲᠦᠷᠦᠭᠦᠦ ᠬᠤᠶᠠᠷ | ᠰᠠᠷ᠎ᠠ ᠳᠤ᠂ 10 ᠳ᠋ᠦᠩᠰᠢᠭᠤᠷ ᠭᠠᠷᠤᠢ ᠭᠷᠡᠳᠦ᠋ᠰ ᠨᠣᠭᠤᠭᠠᠨ ᠴᠠᠬᠢᠯᠭᠠᠨ ᠢ ᠨᠡᠶᠢᠰᠯᠡᠯ ᠳᠤ ᠬᠦᠷᠭᠡᠪᠡ᠂ ᠡᠨᠡ ᠨᠢ | 30 ᠲᠦᠮᠡᠨ ᠡᠷᠦᠬᠡ ᠶᠢᠨ ᠨᠢᠭᠡ ᠵᠢᠯ ᠤᠨ ᠴᠠᠬᠢᠯᠭᠠᠨ ᠬᠡᠷᠡᠭᠯᠡᠬᠦ ᠬᠡᠮᠵᠢᠶ᠎ᠡ ᠲᠠᠢ ᠲᠡᠩᠴᠡᠨ᠎ᠡ᠃ | ᠳᠥᠷᠪᠡ ᠳᠤ ᠤᠷᠬᠢᠯ ᠬᠤᠭᠤᠴᠠᠭᠠᠨ ᠳᠤ ᠲᠣᠬᠢᠷᠠᠭᠤᠯᠵᠤ ᠭᠠᠳᠠᠭᠰᠢ ᠬᠦᠷᠭᠡᠬᠦ ᠪᠠᠲᠤ ᠰᠠᠭᠤᠷᠢ᠃ ᠥᠪᠥᠷ | ᠮᠣᠩᠭᠤᠯ ᠤᠨ ᠨᠡᠭᠦᠷᠡᠰᠦᠨ ᠤ ᠡᠬᠢ ᠪᠠᠶᠠᠯᠢᠭ ᠢ ᠬᠠᠶᠢᠨ ᠲᠣᠳᠣᠯᠠᠭᠰᠠᠨ ᠨᠥᠭᠡᠴᠡ ᠪᠥᠬᠦ ᠤᠯᠤᠰ ᠲᠤ ᠨᠢᠭᠡᠳᠦᠭᠡᠷ ᠲᠤ | ᠣᠷᠣᠵᠤ᠂ ᠠᠯᠤᠰ ᠤᠨ ᠬᠠᠳᠠᠭᠠᠯᠠᠭᠳᠠᠴᠠ ᠨᠢ ᠪᠥᠬᠦ ᠤᠯᠤᠰ ᠤᠨ 1/4 ᠶᠢ ᠡᠵᠡᠯᠡᠵᠦ ᠪᠣᠶ᠃ ᠥᠪᠥᠷ ᠮᠣᠩᠭᠤᠯ ᠳᠤ | ᠪᠠᠰᠠ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠬᠦᠴᠦᠨ ᠤ ᠲᠣᠣᠷ ᠲᠠᠢ ᠪᠠᠶᠢᠵᠤ᠂ ᠰᠢᠨ᠎ᠡ | ᠡᠨᠧᠷᠭᠢ ᠶᠢ ᠴᠠᠬᠢᠯᠭᠠᠨ ᠬᠦᠴᠦᠨ ᠤ ᠲᠣᠣᠷ ᠲᠤ ᠨᠡᠶᠢᠯᠡᠭᠦᠯᠬᠦ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠬᠠᠶᠢᠨ ᠰᠦᠪᠡᠭᠴᠢᠯᠡᠬᠦ ᠳᠤ ᠤᠷᠢᠳ ᠢᠶᠠᠷ ᠬᠡᠷᠡᠭᠵᠢᠭᠦᠯᠵᠦ | ᠤᠷᠢᠳ ᠢᠶᠠᠷ ᠲᠤᠷᠰᠢᠬᠤ ᠲᠣᠬᠢᠶᠠᠯ ᠬᠠᠩᠭᠠᠵᠠᠢ᠃ | ᠰᠤᠷᠪᠤᠯᠵᠢᠯᠠᠭᠴᠢ᠄ ᠥᠪᠥᠷ ᠮᠣᠩᠭᠤᠯ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ | ᠳᠡᠮᠵᠢᠬᠦ ᠳᠤ ᠪᠠᠨ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | ᠸᠠᠩ ᠯᠢ ᠰᠢᠶᠠ᠄ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤᠮᠳᠠ᠂ ᠪᠢᠳᠡ ᠶᠡᠭᠡ | ᠬᠡᠪᠴᠢᠶ᠎ᠡ ᠪᠠᠷ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ ᠰᠠᠭᠤᠷᠢᠨ ᠳᠡᠭᠡᠷ᠎ᠡ᠂ ᠨᠢᠭᠡ ᠲᠠᠯ᠎ᠠ ᠪᠠᠷ ᠰᠢᠨ᠎ᠡ | ᠡᠨᠧᠷᠭᠢ ᠶᠢ ᠬᠤᠷᠠᠭᠤᠯᠤᠨ ᠠᠪᠴᠤ ᠠᠰᠢᠭᠯᠠᠬᠤ ᠶᠢ ᠠᠳᠬᠤᠵᠤ᠂ ᠨᠦᠬᠦᠭᠡ ᠲᠠᠯ᠎ᠠ ᠪᠠᠷ ᠰᠢᠨ᠎ᠡ ᠡᠨᠧᠷᠭᠢ ᠶᠢᠨ | ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠥᠭᠵᠢᠯᠲᠡ ᠶᠢ ᠠᠳᠬᠤᠪᠠ᠃ | ᠬᠤᠷᠠᠭᠤᠯᠤᠨ ᠠᠪᠴᠤ ᠠᠰᠢᠭᠯᠠᠬᠤ ᠲᠠᠯ᠎ᠠ ᠪᠠᠷ᠂ ᠨᠢᠭᠡ ᠳᠤ ᠬᠤᠷᠠᠭᠤᠯᠤᠨ ᠠᠪᠬᠤ ᠶᠢ ᠰᠠᠶᠢᠲᠤᠷ ᠠᠳᠬᠤᠪᠠ᠂ | ᠰᠢᠨ᠎ᠡ ᠡᠨᠧᠷᠭᠢ ᠶᠢ ᠵᠠᠬ᠎ᠠ ᠳᠡᠯᠭᠡᠭᠦᠷᠴᠢᠯᠡᠨ ᠬᠤᠷᠠᠭᠤᠯᠤᠨ ᠠᠪᠬᠤ 6 ᠲᠥᠷᠥᠯ ᠤᠨ ᠵᠠᠭᠪᠤᠷ ᠢ ᠪᠥᠬᠦ ᠤᠯᠤᠰ ᠲᠤ | ᠬᠠᠮᠤᠭ ᠤᠨ ᠲᠦᠷᠦᠭᠦᠨ ᠳᠤ ᠳᠤᠷᠠᠳᠤᠨ ᠭᠠᠷᠭᠠᠵᠤ᠂ ᠰᠢᠨ᠎ᠡ ᠡᠨᠧᠷᠭᠢ ᠶᠢ ᠬᠤᠷᠠᠭᠤᠯᠤᠨ ᠠᠪᠬᠤ ᠶᠢ ᠠᠬᠢᠭᠤᠯᠬᠤ | 23 ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠢᠨ᠎ᠡ ᠪᠠᠷ ᠡᠭᠦᠳᠦᠨ ᠨᠡᠶᠢᠲᠡᠯᠡᠪᠡ᠃ ᠬᠤᠶᠠᠷ ᠲᠤ | ᠤᠯᠠᠷᠢᠭᠤᠯᠬᠤ ᠶᠢ ᠰᠠᠶᠢᠲᠤᠷ ᠠᠳᠬᠤᠪᠠ᠂ ᠪᠢᠳᠡ ᠪᠣᠬᠢᠷᠲᠤᠯ ᠦᠭᠡᠢ ᠤᠰᠤᠲᠥ᠋ᠷᠥᠭᠴᠢ ᠰᠢᠪᠲᠦᠷᠲᠦ ᠠᠯᠺᠣᠣᠯ ᠤᠨ | ᠠᠵᠤ ᠦᠢᠯᠡᠰ ᠢ ᠢᠳᠡᠪᠬᠢᠲᠡᠢ ᠪᠠᠶᠢᠷᠢᠰᠢᠭᠤᠯᠵᠤ᠂ ︽ᠨᠢᠭᠡ ᠴᠠᠬᠢᠯᠭᠠᠨ ᠪᠠᠶᠢᠭᠰᠠᠨ ᠢ ᠭᠤᠷᠪᠠᠨ ᠪᠣᠬᠢᠷᠳᠤᠯ ᠦᠭᠡᠢ | ᠲᠡᠶᠢᠰᠢ ᠬᠤᠪᠢᠷᠠᠭᠤᠯᠬᠤ︾ ᠶᠢ ᠪᠡᠶᠡᠯᠡᠭᠦᠯᠪᠡ᠃ ᠭᠤᠷᠪᠠ ᠳᠤ᠂ ᠡᠨᠧᠷᠭᠢ ᠨᠥᠭᠡᠴᠡᠯᠡᠬᠦ ᠶᠢ ᠰᠠᠶᠢᠲᠤᠷ ᠠᠳᠬᠤᠪᠠ᠂ | ᠰᠢᠨ᠎ᠡ ᠬᠡᠯᠪᠡᠷᠢ ᠪᠦᠬᠦᠢ ᠨᠥᠭᠡᠴᠡ ᠡᠨᠧᠷᠭᠢ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠢ ᠬᠡᠷᠡᠭᠵᠢᠭᠦᠯᠵᠦ᠂ ᠰᠢᠨ᠎ᠡ | ᠬᠡᠯᠪᠡᠷᠢ ᠪᠦᠬᠦᠢ ᠨᠥᠭᠡᠴᠡ ᠡᠨᠧᠷᠭᠢ ᠶᠢᠨ ᠬᠥᠭᠵᠢᠯᠲᠡ ᠶᠢᠨ ᠲᠤᠰᠬᠠᠢ ᠠᠵᠢᠯᠯᠠᠭᠠᠨ ᠢ ᠥᠷᠨᠢᠭᠦᠯᠪᠡ᠃ | ᠲᠤᠨᠤᠭ ᠲᠥᠬᠦᠭᠡᠷᠦᠮᠵᠢ ᠦᠢᠯᠡᠳᠬᠦ ᠲᠠᠯ᠎ᠠ ᠪᠠᠷ᠂ ᠪᠢᠳᠠ ᠬᠥᠬᠡᠬᠤᠲᠠ᠂ ᠪᠤᠭᠤᠲᠤ᠂ ᠣᠷᠳᠣᠰ᠂ ᠲᠦᠩᠯᠢᠶᠣᠣ | ᠵᠡᠷᠭᠡ 4 ᠰᠠᠭᠤᠷᠢᠨ ᠭᠠᠵᠠᠷ ᠢᠶᠠᠷ ᠰᠠᠭᠤᠷᠢ ᠪᠣᠯᠭᠠᠵᠤ᠂ ᠰᠠᠯᠬᠢᠨ ᠬᠦᠴᠦᠨ ᠤ ᠴᠠᠬᠢᠯᠭᠠᠨ᠂ ᠭᠡᠷᠡᠯᠴᠢ ᠴᠡᠨᠡᠭ᠂ | ᠤᠰᠤᠲᠥ᠋ᠷᠥᠭᠴᠢ ᠡᠨᠧᠷᠭᠢ᠂ ᠨᠥᠭᠡᠴᠡ ᠡᠨᠧᠷᠭᠢ ᠵᠡᠷᠭᠡ 4 ᠠᠵᠤ ᠦᠢᠯᠡᠰ ᠤᠨ ᠬᠡᠯᠬᠢᠶ᠎ᠡ ᠪᠠᠷ ᠭᠤᠣᠯᠳᠠᠯᠭ᠎ᠠ ᠪᠣᠯᠭᠠᠨ | ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠪᠦᠬᠦ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠪᠠ᠃ | ᠰᠤᠷᠪᠤᠯᠵᠢᠯᠠᠭᠴᠢ᠄ ᠰᠢᠨ᠎ᠡ ᠡᠨᠧᠷᠭᠢ ᠶᠢᠨ ᠠᠵᠤ ᠦᠢᠯᠡᠰ ᠨᠢ ᠪᠣᠳᠠᠲᠠᠢ ᠪᠠᠷ ᠶᠠᠮᠠᠷ ᠶᠠᠮᠠᠷ ᠢᠳᠡᠪᠬᠢᠲᠡᠢ | ᠦᠢᠯᠡᠳᠦᠯ ᠪᠠᠳᠠᠷᠠᠭᠤᠯᠤᠭᠰᠠᠨ ᠪᠣᠶ︖ | ᠸᠠᠩ ᠯᠢ ᠰᠢᠶᠠ᠄ ᠪᠣᠳᠠᠲᠠᠢ ᠪᠠᠷ ᠬᠡᠯᠡᠪᠡᠯ᠂ ᠥᠪᠥᠷ ᠮᠣᠩᠭᠤᠯ ᠤᠨ 3 ᠲᠠᠯ᠎ᠠ ᠶᠢᠨ ᠬᠥᠭᠵᠢᠯᠲᠡ ᠶᠢ | ᠠᠬᠢᠭᠤᠯᠬᠤ ᠳᠤ ᠲᠤᠰᠠᠯᠠᠪᠠ᠃ | ᠨᠢᠭᠡ ᠳᠤ ᠬᠥᠳᠡᠯᠭᠡᠭᠴᠢ ᠬᠦᠴᠦᠨ ᠢᠶᠠᠷ ᠨᠡᠩ ᠲᠡᠭᠦᠯᠳᠡᠷ ᠪᠣᠯᠤᠭᠰᠠᠨ ᠬᠥᠭᠵᠢᠯᠲᠡ᠃ ᠨᠢᠳᠤᠨᠤᠨ ᠵᠢᠯ᠂ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠠᠬᠢ ᠥᠪᠥᠷ ᠮᠣᠩᠭᠤᠯ ᠤᠨ ᠡᠨᠧᠷᠭᠢ ᠶᠢᠨ ᠠᠵᠤ ᠦᠢᠯᠡᠰ ᠤᠨ | ᠡᠵᠡᠯᠡᠬᠦ ᠬᠤᠪᠢ ᠶᠢᠨ ᠵᠢᠩ 1/3 ᠰᠢᠬᠠᠮ ᠳᠤ ᠬᠦᠷᠴᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠨᠡᠮᠡᠭᠳᠡᠯ ᠤᠨ ᠬᠤᠷᠳᠤᠴᠠ ᠳᠤ 60% ᠭᠠᠷᠤᠢ ᠪᠠᠷ ᠨᠡᠮᠡᠷᠢᠯᠡᠪᠡ᠃ ᠨᠢᠳᠤᠨᠤᠨ ᠥᠪᠥᠷ ᠮᠣᠩᠭᠤᠯ ᠤᠨ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 5.8% ᠪᠠᠷ ᠨᠡᠮᠡᠭᠳᠡᠨ᠂ ᠪᠦᠬᠦ ᠤᠯᠤᠰ ᠲᠤ | ᠭᠤᠷᠪᠠᠳᠤᠭᠠᠷ ᠲᠤ ᠣᠷᠣᠪᠠ᠂ ᠠᠵᠤ ᠠᠬᠤᠢ ᠶᠢᠨ ᠶᠡᠷᠦᠩᠬᠡᠢ ᠬᠡᠮᠵᠢᠶ᠎ᠡ 2.6 ᠲᠦᠮᠡᠨ ᠳ᠋ᠦᠩᠰᠢᠭᠤᠷ ᠲᠥᠭᠦᠷᠢᠭ ᠢ | ᠳᠠᠪᠠᠨ᠂ ᠲᠡᠰ ᠳᠠᠷᠠᠭᠠᠯᠠᠯ ᠨᠢ ᠳᠠᠪᠰᠢᠭᠠᠳ ᠪᠦᠬᠦ ᠤᠯᠤᠰ ᠤᠨ 20 ᠳ᠋ᠤᠭᠠᠷ ᠲᠤ ᠵᠢᠭᠰᠠᠭᠠᠭᠳᠠᠵᠤ᠂ ᠪᠦᠬᠦ | ᠤᠯᠤᠰ ᠤᠨ ᠳᠤᠮᠳᠠ ᠲᠦᠪᠰᠢᠨ ᠳᠤ ᠳᠠᠪᠰᠢᠨ ᠣᠷᠣᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠨᠡᠮᠡᠭᠳᠡᠯ ᠤᠨ ᠬᠤᠷᠳᠤᠴᠠ 13.6% ᠳᠤ ᠬᠦᠷᠴᠦ᠂ ᠪᠦᠬᠦ ᠤᠯᠤᠰ ᠲᠤ ᠬᠤᠶᠠᠳᠤᠭᠠᠷ ᠲᠤ ᠣᠷᠣᠪᠠ᠂ ᠭᠤᠣᠯ | ᠪᠣᠯᠬᠤ ᠠᠵᠤ ᠠᠬᠤᠢ ᠶᠢᠨ ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ 3 ᠵᠢᠯ ᠳᠠᠷᠠᠭᠠᠯᠠᠨ ᠪᠦᠬᠦ | ᠤᠯᠤᠰ ᠲᠠᠬᠢ ᠨᠢᠭᠡᠳᠦᠭᠡᠷ ᠡᠩᠨᠡᠭᠡ ᠪᠠᠨ ᠪᠠᠲᠤᠯᠠᠪᠠ᠃ | ᠬᠤᠶᠠᠷ ᠲᠤ ᠪᠦᠲᠦᠴᠡ ᠨᠢ ᠨᠡᠩ ᠰᠢᠯᠢᠳᠡᠭ ᠪᠣᠯᠤᠭᠰᠠᠨ ᠬᠥᠭᠵᠢᠯᠲᠡ᠃ ᠨᠢᠳᠤᠨᠤᠨ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠨᠡᠮᠡᠭᠳᠡᠯ ᠥᠷᠲᠡᠭ ᠤᠨ | ᠨᠡᠮᠡᠭᠳᠡᠯ 20% ᠶᠢ ᠳᠠᠪᠠᠪᠠ᠃ ᠢᠯᠠᠩᠭᠤᠶ᠎ᠠ ᠰᠢᠨ᠎ᠡ ᠡᠨᠧᠷᠭᠢ ᠶᠢ ᠰᠢᠨ᠎ᠡ ᠠᠵᠤ ᠦᠢᠯᠡᠰ ᠪᠠ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠯᠦᠭᠡ ᠡᠪᠴᠡᠯᠳᠦᠭᠦᠯᠦᠨ ᠬᠥᠭᠵᠢᠭᠦᠯᠬᠦ ᠶᠢ ᠠᠬᠢᠭᠤᠯᠪᠠ᠃ | ᠭᠤᠷᠪᠠ ᠳᠤ ᠰᠠᠭᠤᠷᠢ ᠥᠩᠭᠡ ᠨᠢ ᠨᠠᠩ ᠲᠣᠳᠣ ᠪᠣᠯᠤᠭᠰᠠᠨ ᠬᠥᠭᠵᠢᠯᠲᠡ᠃ ᠪᠦᠬᠦ ᠪᠥᠮᠪᠥᠷᠴᠡᠭ ᠲᠠᠬᠢ | ᠠᠩᠬᠠᠳᠠᠭᠴᠢ 100% ᠶᠢᠨ ᠨᠣᠭᠤᠭᠠᠨ ᠴᠠᠬᠢᠯᠭᠠᠨ ᠤ ᠬᠠᠩᠭᠠᠯᠭ᠎ᠠ ᠶᠢᠨ ︽ᠨᠡᠭᠦᠷᠡᠰᠦᠳᠦ᠋ᠷᠦᠭᠴᠢ ᠦᠯᠦ | ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ︾ ᠢ ᠣᠷᠳᠣᠰ ᠲᠤ ᠪᠠᠶᠢᠭᠤᠯᠤᠭᠰᠠᠨ ᠪᠥᠭᠡᠳ ᠪᠤᠭᠤᠲᠤ᠂ | ᠲᠦᠩᠯᠢᠶᠣᠣ᠂ ᠤᠯᠠᠭᠠᠨᠬᠠᠳᠠ ᠵᠡᠷᠭᠡ ᠭᠠᠵᠠᠷ ᠲᠤ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ᠂ | ᠨᠡᠭᠦᠷᠡᠰᠦᠲᠥ᠋ᠷᠥᠭᠴᠢ ᠪᠠᠭᠠᠲᠠᠢ ᠨᠢᠭᠡ ᠪᠦᠯᠦᠭ ᠬᠦᠷᠢᠶᠡᠯᠡᠩ ᠲᠣᠭᠤᠷᠢᠭ ᠢ ᠪᠠᠶᠢᠭᠤᠯᠤᠭᠰᠠᠨ ᠪᠠᠶᠢᠨ᠎ᠠ᠃ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠪᠠᠨ ᠨᠢᠭᠡ ᠵᠢᠯ ᠤᠷᠢᠳᠴᠢᠯᠠᠨ ᠪᠡᠶᠡᠯᠡᠭᠦᠯᠵᠦ᠂ | ᠪᠣᠬᠢᠷᠲᠤᠯ ᠦᠭᠡᠢ ᠨᠡᠮᠡᠭᠳᠡᠯ ᠬᠢᠭᠡᠳ ᠦᠷ᠎ᠡ ᠠᠰᠢᠭ ᠤᠨ ᠳᠡᠭᠡᠭᠰᠢᠯᠡᠯᠲᠡ ᠶᠢᠨ ︽ᠬᠤᠣᠰ ᠰᠢᠪᠲᠤᠯᠤᠯᠲᠠ︾ ᠶᠢ | ᠪᠡᠶᠡᠯᠡᠭᠦᠯᠪᠡ᠃ | ᠰᠤᠷᠪᠤᠯᠵᠢᠯᠠᠭᠴᠢ᠄ ᠥᠪᠥᠷ ᠮᠣᠩᠭᠤᠯ ︽ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ + ᠠᠮᠢ ᠠᠬᠤᠢ ᠶᠢᠨ | ᠵᠠᠰᠠᠯᠲᠠ + ᠬᠠᠪᠲᠠᠰᠤ ᠶᠢᠨ ᠳᠣᠣᠷᠠᠬᠢ ᠠᠵᠤ ᠠᠬᠤᠢ︾ ᠶᠢᠨ ᠪᠡᠶᠡᠲᠦ ᠵᠠᠭᠪᠤᠷ ᠢ ᠬᠡᠷᠬᠢᠨ ᠬᠠᠶᠢᠨ ᠰᠦᠪᠡᠭᠴᠢᠯᠡᠵᠦ | ᠭᠠᠷᠭᠠᠭᠰᠠᠨ ᠪᠣᠶ︖ ᠡᠨᠡ ᠬᠦ ᠵᠠᠭᠪᠤᠷ ᠨᠢ ᠠᠮᠢ ᠠᠬᠤᠢ ᠶᠢᠨ ᠬᠠᠮᠠᠭᠠᠯᠠᠯᠲᠠ ᠬᠢᠭᠡᠳ ᠠᠵᠤ ᠠᠬᠤᠢ ᠶᠢᠨ | ᠬᠥᠭᠵᠢᠯᠲᠡ ᠳᠤ ᠶᠠᠮᠠᠷ ᠶᠠᠮᠠᠷ ᠪᠣᠳᠠᠲᠠᠢ ᠦᠷ᠎ᠡ ᠠᠰᠢᠭ ᠠᠪᠴᠢᠷᠠᠭᠰᠠᠨ ᠪᠤᠢ︖ | ᠸᠠᠩ ᠯᠢ ᠰᠢᠶᠠ᠄ 2023 ᠣᠨ ᠤ 6 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠳᠤ ᠪᠠᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠡᠷᠦᠩᠬᠡᠢ ᠵᠠᠷᠯᠢᠭ ᠢ ᠳᠤᠷᠠᠳᠴᠠᠢ᠃ ︽ᠤᠮᠠᠷᠠᠲᠤ ᠶᠢᠨ | ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ | ᠲᠥᠯᠥᠭᠡ᠂ ᠨᠢᠳᠤᠨᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠡᠯᠡᠰᠦᠷᠬᠡᠭᠵᠢᠯ ᠢ ᠰᠡᠷᠭᠡᠶᠢᠯᠡᠵᠦ | ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠨᠢᠭᠡ ᠴᠣᠭᠴᠠᠵᠢᠭᠤᠯᠬᠤ | ᠢᠨᠵᠧᠨᠧᠷᠢᠩ ᠢ ᠬᠡᠷᠡᠭᠵᠢᠭᠦᠯᠬᠦ ᠪᠠᠷ ᠳᠤᠷᠠᠳᠤᠭᠰᠠᠨ ᠪᠠᠶᠢᠪᠠ᠃ 2024 ᠣᠨ ᠤ ᠰᠡᠭᠦᠯᠴᠢ ᠪᠣᠯᠬᠤ ᠳᠤ᠂ ᠪᠢᠳᠡ | ᠨᠢᠭᠡ ᠴᠣᠭᠴᠠᠵᠢᠭᠤᠯᠬᠤ ᠢᠨᠵᠧᠨᠧᠷᠢᠩ ᠢᠶᠠᠷ ᠳᠠᠮᠵᠢᠨ 238 ᠲᠦᠮᠡᠨ ᠮᠦ ᠡᠯᠡᠰᠦᠵᠢᠭᠰᠡᠨ ᠭᠠᠵᠠᠷ ᠰᠢᠷᠣᠢ ᠶᠢ | ᠵᠠᠰᠠᠵᠤ᠂ 2727 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠢᠵᠢ | ᠲᠦᠬᠦᠷᠵᠢᠭᠦᠯᠵᠡᠢ᠃ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠳᠤ ᠪᠠᠨ ᠪᠢᠳᠡ ᠬᠥᠳᠡᠯᠮᠦᠷᠢᠯᠡᠬᠦ ᠪᠠᠷ | ᠲᠡᠳᠬᠦᠮᠵᠢ ᠶᠢ ᠣᠷᠣᠯᠠᠭᠤᠯᠬᠤ ᠠᠵᠢᠯ ᠢ ᠢᠳᠡᠪᠬᠢᠲᠡᠢ ᠥᠷᠨᠢᠭᠦᠯᠦᠨ᠂ ᠨᠢᠳᠤᠨᠤᠨ ᠤᠯᠠᠨ ᠲᠦᠮᠡᠨ ᠢ ᠳᠠᠶᠢᠴᠢᠯᠠᠭᠠᠳ | ᠣᠷᠣᠯᠭ᠎ᠠ ᠶᠢ ᠨᠢ 8.5 ᠳ᠋ᠦᠩᠰᠢᠭᠤᠷ ᠲᠥᠭᠦᠷᠢᠭ ᠨᠡᠮᠡᠭᠳᠡᠭᠦᠯᠪᠡ᠃ | | |