ᠮᠠᠨ ᠤ ᠣᠷᠣᠨ ᠤ ᠰᠤᠷᠭᠠᠨ ᠬᠥᠮᠦᠵᠢᠯ ᠤᠨ ᠲᠥᠷᠥᠯ ᠤᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠤᠷᠢᠵᠤ ᠡᠯᠰᠡᠬᠦ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2025/4/27
     ᠥᠪᠡᠷᠲᠡᠭᠡᠨ ᠵᠠᠰᠠᠬᠤ ᠣᠷᠣᠨ ᠤ 2025 ᠣᠨ ᠤ ᠰᠤᠷᠭᠠᠨ ᠬᠥᠮᠦᠵᠢᠯ ᠤᠨ ᠲᠥᠷᠥᠯ ᠤᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠤᠷᠢᠵᠤ ᠡᠯᠰᠡᠬᠦ ᠰᠠᠷ᠎ᠠ ᠶᠢᠨ ᠠᠵᠢᠯᠯᠠᠭ᠎ᠠ ᠡᠬᠢᠯᠡᠵᠦ᠂ ᠠᠵᠢᠯᠲᠠᠨ ᠤᠷᠢᠵᠤ ᠡᠯᠰᠡᠬᠦ ᠠᠩᠬᠠᠨ ᠤ ᠲᠠᠯᠠᠪᠠᠢ ᠴᠤᠭᠯᠠᠭᠠᠨ ᠡᠮᠦᠨᠡᠬᠡᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ   ᠶᠠᠪᠤᠭᠳᠠᠪᠠ᠃     ᠲᠣᠰ ᠤᠳᠠᠭᠠᠨ ᠤ ᠠᠵᠢᠯᠲᠠᠨ ᠤᠷᠢᠵᠤ ᠡᠯᠰᠡᠬᠦ ᠴᠤᠭᠯᠠᠭᠠᠨ ᠳᠤ ᠣᠷᠣᠨ ᠤ ᠳᠣᠲᠣᠨ᠎ᠠ ᠭᠠᠳᠠᠨᠠᠬᠢ 70 ᠭᠠᠷᠤᠢ ᠰᠤᠷᠭᠠᠨ ᠬᠥᠮᠦᠵᠢᠯ ᠤᠨ ᠲᠣᠪᠴᠢᠶ᠎ᠠ ᠪᠠ ᠳᠤᠮᠳᠠᠳᠤ ᠪᠠᠭ᠎ᠠ ᠰᠤᠷᠭᠠᠭᠤᠯᠢ ᠣᠷᠣᠯᠴᠠᠵᠤ᠂ ᠪᠠᠭᠰᠢ ᠶᠢᠨ ᠲᠥᠷᠥᠯ ᠤᠨ ᠠᠵᠢᠯ ᠤᠨ ᠪᠠᠶᠢᠷᠢ ᠶᠢ 1201 ᠬᠠᠩᠭᠠᠵᠤ᠂ ᠪᠦᠭᠦ ᠣᠷᠣᠨ ᠤ 5000 ᠭᠠᠷᠤᠢ ᠲᠡᠭᠦᠰᠬᠦ ᠣᠶᠤᠲᠠᠨ ᠴᠤᠭᠯᠠᠭᠠᠨ ᠳᠤ ᠣᠷᠣᠯᠴᠠᠪᠠ᠃ ᠠᠵᠢᠯᠲᠠᠨ ᠤᠷᠢᠵᠤ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠤᠷ ᠲᠤ ᠠᠵᠢᠯ ᠣᠯᠭᠤᠯᠲᠠ ᠶᠢᠨ ᠵᠠᠮᠴᠢᠯᠠᠬᠤ ᠥᠷᠲᠡᠭᠡ ᠭᠠᠷᠭᠠᠵᠤ᠂ ᠴᠡᠷᠢᠭ ᠲᠤ ᠡᠯᠰᠡᠬᠦ᠂ ᠴᠡᠷᠢᠭ ᠠᠩᠭᠢ ᠶᠢᠨ ᠪᠢᠴᠢᠭ ᠤᠨ ᠠᠵᠢᠯᠲᠠᠨ ᠡᠯᠰᠡᠬᠦ᠂ ᠦᠨᠳᠦᠰᠦᠨ ᠱᠠᠲᠤᠨ ᠳᠤ ᠠᠵᠢᠯ ᠣᠯᠬᠤ᠂ ᠭᠠᠳᠠᠭᠠᠳᠤ ᠳᠤ ᠭᠠᠷᠴᠤ ᠰᠤᠷᠤᠯᠴᠠᠬᠤ ᠵᠡᠷᠭᠡ ᠠᠵᠢᠯ ᠣᠯᠭᠤᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠤᠰᠬᠠᠢ ᠭᠠᠵᠠᠷ ᠭᠠᠷᠭᠠᠵᠤ ᠲᠡᠭᠦᠰᠬᠦ ᠣᠶᠤᠲᠠᠳ ᠲᠤ ᠠᠵᠢᠯ ᠮᠡᠷᠭᠡᠵᠢᠯ ᠤᠨ ᠲᠥᠯᠦᠪᠵᠢᠭᠦᠯᠭᠡ᠂ ᠲᠣᠪᠴᠢ ᠨᠠᠮᠲᠠᠷ ᠤᠨ ᠵᠢᠯᠣᠭᠤᠳᠤᠯᠭ᠎ᠠ ᠪᠠ ᠰᠦᠢᠳᠬᠡᠯ ᠬᠤᠷᠢᠶᠠᠬᠤ ᠦᠭᠡᠢ ᠪᠠᠷ ᠳᠠᠷᠤᠮᠠᠯᠯᠠᠵᠤ ᠪᠠᠭᠤᠯᠭᠠᠬᠤ ᠵᠡᠷᠭᠡ ᠦᠢᠯᠡᠴᠢᠯᠡᠭᠡ ᠬᠠᠩᠭᠠᠵᠤ᠂ ᠲᠡᠭᠦᠰᠬᠦ ᠣᠶᠤᠲᠠᠳ ᠤᠨ ᠠᠵᠢᠯ ᠡᠷᠢᠵᠦ ᠬᠦᠰᠡᠯ ᠵᠡᠭᠦᠳᠦ ᠪᠠᠨ ᠲᠡᠷᠭᠡᠯᠰᠢᠭᠦᠯᠬᠦ ᠳᠤ ᠬᠦᠴᠦᠨ ᠨᠡᠮᠡᠷᠢᠯᠡᠪᠡ᠃     ︽ᠠᠵᠢᠯᠲᠠᠨ ᠤᠷᠢᠵᠤ ᠡᠯᠰᠡᠬᠦ ᠴᠤᠭᠯᠠᠭᠠᠨ ᠨᠢ ᠪᠢᠳᠡᠨ ᠳᠤ ᠰᠤᠷᠭᠠᠨ ᠬᠥᠮᠦᠵᠢᠯ ᠤᠨ ᠰᠢᠯᠢᠳᠡᠭ ᠴᠢᠳᠠᠪᠤᠷᠢᠲᠠᠨ ᠲᠠᠢ ᠰᠢᠭᠤᠳ ᠬᠠᠷᠢᠯᠴᠠᠬᠤ ᠲᠠᠪᠴᠠᠩ ᠬᠠᠩᠭᠠᠵᠤ᠂ ᠤᠯᠠᠨ ᠠᠵᠢᠯ ᠡᠷᠢᠵᠦ ᠪᠠᠶᠢᠭ᠎ᠠ ᠬᠥᠮᠥᠰ ᠤᠨ ᠳᠣᠲᠣᠷ᠎ᠠ ᠠᠴᠠ ᠰᠤᠷᠭᠠᠭᠤᠯᠢ ᠶᠢᠨ ᠬᠥᠭᠵᠢᠯᠲᠡ ᠶᠢᠨ ᠬᠡᠷᠡᠭᠴᠡᠭᠡ ᠳᠤ ᠨᠡᠩ ᠨᠡᠶᠢᠴᠡᠬᠦ ᠪᠠᠭᠰᠢ ᠶᠢ ᠰᠣᠩᠭᠤᠨ ᠭᠠᠷᠭᠠᠵᠤ ᠴᠢᠳᠠᠬᠤ ᠪᠣᠯᠭᠠᠵᠠᠢ︾ ᠭᠡᠵᠦ ᠪᠤᠭᠤᠲᠤ ᠬᠤᠳᠠ ᠶᠢᠨ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠯᠦ ᠯᠢ ᠵᠢᠶᠦ᠋ᠨ ᠬᠡᠯᠡᠪᠡ᠃ ᠰᠤᠷᠪᠤᠯᠵᠢᠯᠠᠬᠴᠢ ᠶᠢᠨ ᠣᠶᠢᠯᠠᠭᠠᠭᠰᠠᠨ ᠢᠶᠠᠷ᠂ ᠬᠡᠰᠡᠭ ᠬᠥᠮᠥᠨ ᠬᠡᠷᠡᠭᠯᠡᠬᠦ ᠨᠢᠭᠡᠴᠢ ᠪᠠᠰᠠ ᠠᠵᠢᠯᠲᠠᠨ ᠤᠷᠢᠵᠤ ᠡᠯᠰᠡᠬᠦ ᠴᠤᠭᠯᠠᠭᠠᠨ ᠳᠡᠭᠡᠷ᠎ᠡ ᠠᠩᠬ᠎ᠠ ᠠᠯᠬᠤᠮ ᠤᠨ ᠨᠢᠭᠤᠷᠲᠠᠨ ᠰᠢᠯᠭᠠᠬᠤ ᠭᠤᠭᠴᠤᠭ᠎ᠠ ᠶᠢ ᠲᠣᠬᠢᠷᠠᠭᠤᠯᠵᠤ᠂ ᠤᠷᠢᠭᠳᠠᠭᠰᠠᠳ ᠢ ᠲᠤᠬᠠᠢ ᠶᠢᠨ ᠲᠠᠯᠠᠪᠤᠷ ᠲᠤᠨᠢ ᠦᠨᠡᠯᠡᠨ ᠵᠢᠱᠢᠵᠦ᠂ ᠠᠵᠢᠯᠲᠠᠨ ᠤᠷᠢᠵᠤ ᠡᠯᠰᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃     ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠠᠰᠠ ᠤᠷᠢᠳ ᠬᠤᠵᠢᠳ ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠤᠯᠠᠭᠠᠨᠬᠠᠳᠠ ᠳᠡᠭᠡᠳᠦ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠳᠤ ᠰᠤᠷᠭᠠᠨ ᠬᠥᠮᠦᠵᠢᠯ ᠤᠨ ᠲᠥᠷᠥᠯ ᠤᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠤᠷᠢᠵᠤ ᠡᠯᠰᠡᠬᠦ ᠴᠤᠭᠯᠠᠭᠠᠨ ᠥᠷᠨᠢᠭᠦᠯᠵᠦ᠂ ᠰᠤᠷᠭᠠᠨ ᠬᠥᠮᠦᠵᠢᠯ ᠤᠨ ᠠᠵᠢᠯ ᠲᠥᠷᠥᠯ ᠤᠨ ᠬᠥᠮᠥᠨ ᠬᠡᠷᠡᠭᠯᠡᠬᠦ ᠨᠢᠭᠡᠴᠢ ᠶᠢᠨ ᠴᠢᠳᠠᠪᠤᠷᠢᠲᠠᠨ ᠡᠯᠰᠡᠵᠦ ᠬᠡᠷᠡᠭᠯᠡᠬᠦ ᠶᠢ ᠭᠦᠢᠴᠡᠳ ᠬᠠᠩᠭᠠᠵᠤ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠲᠥᠷᠥᠯ ᠤᠨ ᠲᠤᠰᠬᠠᠢ ᠮᠡᠷᠭᠡᠵᠢᠯ ᠤᠨ ᠲᠡᠭᠦᠰᠬᠦ ᠰᠤᠷᠤᠬᠴᠢᠳ ᠤᠨ ᠡᠷᠲᠡᠬᠡᠨ ᠠᠵᠢᠯ ᠣᠯᠬᠤ᠂ ᠭᠦᠢᠴᠡᠳ ᠠᠵᠢᠯ ᠣᠯᠬᠤ ᠶᠢ ᠠᠬᠢᠭᠤᠯᠬᠤ ᠪᠣᠯᠣᠨ᠎ᠠ᠃ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1