ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 24 ᠤ ᠴᠠᠭᠢᠯᠭᠠᠨ ᠮᠡᠳᠡᠭᠡ 4 ᠰᠠᠷ᠎ᠠ ᠶᠢᠨ 24 ᠤ | ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠧᠨᠢᠶᠠ ᠶᠢᠨ | ᠶᠡᠷᠦᠩᠬᠡᠶᠢᠯᠡᠭᠴᠢ ᠷᠦᠲ᠋ᠤ᠋ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ | ᠬᠠᠷᠢᠯᠴᠠᠭᠠᠨ ᠤ ᠪᠠᠶᠢᠷᠢ ᠲᠣᠭᠲᠠᠭᠠᠯᠲᠠ ᠶᠢ ᠰᠢᠨ᠎ᠡ ᠴᠠᠭ ᠦᠶ᠎ᠡ ᠶᠢᠨ ᠳᠤᠮᠳᠠᠳᠤ ᠺᠧᠨᠢᠶᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠪᠤᠯᠭᠠᠵᠤ ᠳᠡᠭᠡᠭᠰᠢᠯᠡᠭᠦᠯᠭᠦ ᠪᠠᠷ ᠰᠠᠨᠠᠯ ᠨᠢᠭᠡᠲᠡᠢ ᠵᠥᠪᠰᠢᠶᠡᠷᠡᠪᠡ᠃ | | | | 4 ᠰᠠᠷ᠎ᠠ ᠶᠢᠨ 24 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠪᠠᠷ ᠢᠷᠡᠭᠰᠡᠨ ᠺᠧᠨᠢᠶᠠ ᠶᠢᠨ ᠶᠡᠷᠦᠩᠬᠡᠶᠢᠯᠡᠭᠴᠢ ᠷᠦᠲ᠋ᠤ᠋ ᠲᠠᠢ ᠬᠡᠯᠡᠯᠴᠡᠭᠡ ᠬᠢᠪᠡ᠃ ᠵᠢᠷᠤᠭ ᠪᠣᠯ ᠰᠢ ᠶᠢᠨ ᠫᠢᠩ | ᠬᠠᠳᠤᠨ ᠫᠧᠩ ᠯᠢ ᠶᠤᠸᠠᠨ ᠲᠠᠢ ᠪᠠᠨ ᠷᠦᠲ᠋ᠤ᠋ ᠪᠣᠯᠣᠨ ᠲᠡᠭᠦᠨ ᠤ ᠬᠠᠳᠤᠨ ᠯᠧᠶᠢᠴᠢᠶᠧᠷ ᠲᠠᠢ ᠬᠠᠮᠲᠤ ᠭᠡᠷᠡᠯ ᠵᠢᠷᠤᠭ | ᠲᠠᠲᠠᠭᠤᠯᠵᠤ ᠪᠠᠶᠢᠭ᠎ᠠ ᠨᠢ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ︶ | ᠰᠢ ᠶᠢᠨ ᠫᠢᠩ᠂ ᠬᠠᠷᠢᠯᠴᠠᠭ᠎ᠠ ᠪᠠᠶᠢᠭᠤᠯᠤᠭᠰᠠᠨ 62 ᠵᠢᠯ ᠤᠨ ᠲᠤᠷᠰᠢ᠂ ᠳᠤᠮᠳᠠᠳᠤ ᠺᠧᠨᠢᠶᠠ ᠬᠤᠶᠠᠷ | ᠲᠠᠯ᠎ᠠ ᠪᠠᠷ ᠢᠶᠠᠨ ᠢᠮᠠᠭᠲᠠ ᠬᠠᠷᠢᠯᠴᠠᠨ ᠭᠦᠨᠳᠦᠳᠭᠡᠵᠦ᠂ ᠬᠠᠷᠢᠯᠴᠠᠨ ᠳᠡᠮᠵᠢᠯᠴᠡᠵᠦ᠂ ᠳᠤᠮᠳᠠᠳᠤ ᠠᠹᠷᠢᠺᠠ ᠶᠢᠨ | ᠨᠥᠭᠦᠷᠰᠡᠭ ᠬᠠᠮᠲᠤᠷᠠᠯᠴᠠᠭᠠᠨ ᠤ ᠵᠣᠷᠢᠭ ᠰᠠᠨᠠᠭ᠎ᠠ ᠪᠣᠯᠣᠨ ᠲᠣᠷᠭᠠᠨ ᠵᠠᠮ ᠤᠨ ᠵᠣᠷᠢᠭ ᠰᠠᠨᠠᠭ᠎ᠠ ᠶᠢ ᠤᠯᠠᠮᠵᠢᠯᠠᠵᠤ᠂ | ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ | ᠬᠠᠷᠢᠯᠴᠠᠭ᠎ᠠ ᠶᠢᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃ ᠳᠤᠮᠳᠠᠳᠤ ᠺᠧᠨᠢᠶᠠ ᠶᠢᠨ | ᠬᠠᠷᠢᠯᠴᠠᠭ᠎ᠠ ᠶᠢ ᠰᠢᠨ᠎ᠡ ᠴᠠᠭ ᠦᠶ᠎ᠡ ᠶᠢᠨ ᠳᠤᠮᠳᠠᠳᠤ ᠺᠧᠨᠢᠶᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ | ᠪᠣᠯᠭᠠᠨ ᠳᠡᠭᠡᠭᠰᠢᠯᠡᠭᠦᠯᠭᠦ ᠪᠣᠯ ᠬᠤᠶᠠᠷ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠮᠥᠨ᠃ ᠳᠤᠮᠳᠠᠳᠤ | ᠤᠯᠤᠰ ᠳᠤᠷᠠᠲᠠᠶ᠎ᠠ ᠺᠧᠨᠢᠶᠠ ᠶᠢᠨ ᠬᠢᠨ ᠲᠠᠢ ᠬᠠᠮᠲᠤ ᠪᠠᠷ᠂ ᠲᠡᠦᠬᠡ ᠶᠢᠨ ᠤᠷᠤᠰᠬᠠᠯ ᠪᠣᠯᠣᠨ ᠴᠠᠭ ᠦᠶ᠎ᠡ ᠶᠢᠨ ᠶᠡᠭᠡ | ᠬᠠᠨᠳᠤᠰᠢ ᠳᠤ ᠵᠣᠬᠢᠴᠠᠵᠤ᠂ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠳᠤᠮᠳᠠᠳᠤ ᠠᠹᠷᠢᠺᠠ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠬᠡᠪ ᠳᠠᠭᠤᠷᠢᠶᠠᠯ ᠢ ᠪᠤᠢ ᠪᠤᠯᠭᠠᠵᠤ᠂ ᠳᠤᠮᠳᠠᠳᠤ ᠠᠹᠷᠢᠺᠠ ᠶᠢᠨ | ᠬᠠᠷᠢᠯᠴᠠᠭ᠎ᠠ ᠶᠢᠨ ᠬᠥᠭᠵᠢᠯᠲᠡ ᠪᠣᠯᠣᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ | ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠤᠨ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠬᠠᠷᠢᠯᠴᠠᠨ ᠬᠦᠨᠳᠦᠳᠬᠡᠬᠦ᠂ | ᠡᠷᠬᠡ ᠲᠡᠭᠰᠢ ᠪᠠᠷ ᠬᠠᠨᠳᠤᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ᠂ ︽ᠳᠡᠯᠡᠬᠡᠢ ᠳᠡᠭᠡᠷ᠎ᠡ ᠬᠦᠴᠢᠷ | ᠪᠡᠷᠬᠡᠰᠢᠶᠡᠯ ᠢ ᠬᠠᠮᠲᠤ ᠪᠠᠷ ᠲᠤᠭᠤᠯᠵᠤ ᠶᠠᠪᠤᠬᠤ︾ ᠶᠡᠭᠡ ᠵᠠᠮ ᠪᠣᠯᠣᠨ᠎ᠠ᠃ ᠳᠤᠮᠳᠠᠳᠤ ᠺᠧᠨᠢᠶᠠ ᠬᠤᠶᠠᠷ | ᠲᠠᠯ᠎ᠠ ᠪᠠᠷ ᠢᠶᠠᠨ ᠲᠣᠰ ᠲᠣᠰ ᠤᠨ ᠢᠶᠠᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ | ᠬᠠᠮᠠᠭᠠᠯᠠᠬᠤ ᠶᠢ ᠦᠷᠭᠦᠯᠵᠢᠯᠡᠨ ᠡᠷᠡᠰ ᠳᠡᠮᠵᠢᠵᠤ᠂ ᠲᠣᠰ ᠲᠣᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ | ᠬᠥᠭᠵᠢᠯᠲᠡ ᠶᠢᠨ ᠵᠠᠮ ᠢ ᠬᠠᠶᠢᠨ ᠰᠦᠪᠡᠭᠴᠢᠯᠡᠬᠦ ᠶᠢ ᠡᠷᠡᠰ ᠳᠡᠮᠵᠢᠵᠤ᠂ ᠲᠥᠷᠥ ᠶᠢ ᠵᠠᠰᠠᠵᠤ ᠵᠠᠰᠠᠭ ᠢ ᠡᠷᠭᠢᠯᠡᠭᠦ | ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠣᠳᠣᠬᠢᠴᠢᠯᠠᠯᠲᠠ ᠶᠢᠨ ᠵᠠᠮ ᠳᠡᠭᠡᠷᠡᠬᠢ ᠬᠠᠮᠲᠤ | ᠠᠶᠠᠯᠠᠭᠴᠢ ᠪᠠ ᠵᠢᠩᠬᠢᠨᠢ ᠨᠠᠶᠢᠵᠠ ᠪᠣᠯᠣᠶ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠪᠣᠯ ᠬᠤᠶᠠᠷ ᠤᠯᠤᠰ ᠤᠨ ᠬᠠᠮᠲᠤᠷᠠᠯᠴᠠᠭᠠᠨ ᠤ ᠭᠢᠯᠠᠯᠵᠠᠭᠰᠠᠨ ᠬᠠᠭᠤᠳᠠᠰᠤ ᠪᠣᠯᠣᠨ᠎ᠠ᠂ ᠪᠠᠶᠢᠩᠭᠤᠵᠢᠭᠰᠠᠨ | ᠲᠦᠷᠦ ᠶᠢᠨ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠥᠨᠳᠥᠷ ᠲᠦᠪᠰᠢᠨ ᠪᠦᠬᠦᠢ ᠬᠤᠯᠪᠣᠯᠳᠤᠨ | ᠨᠡᠪᠲᠡᠷᠡᠯᠴᠡᠬᠦ ᠶᠢ ᠠᠬᠢᠭᠤᠯᠵᠤ᠂ ᠠᠷᠠᠯᠵᠢᠶᠠᠨ ᠤ ᠦᠷᠭᠦᠯᠵᠢᠯᠡᠬᠦ ᠴᠢᠨᠠᠷᠲᠠᠢ ᠰᠠᠭᠠᠳ ᠦᠭᠡᠢ ᠨᠡᠪᠲᠡᠷᠡᠬᠦ ᠶᠢ | ᠠᠬᠢᠭᠤᠯᠵᠤ᠂ ᠤᠯᠠᠨ ᠡᠰᠢᠵᠢᠭᠰᠡᠨ ᠪᠡᠯᠡ ᠮᠥᠩᠭᠦᠨ ᠤ ᠭᠦᠢᠯᠭᠡᠭᠡ ᠶᠢ ᠰᠦᠪᠡᠭᠴᠢᠯᠡᠵᠦ᠂ ᠦᠶ᠎ᠡ ᠦᠶ᠎ᠡ ᠶᠢᠨ | ᠨᠥᠬᠦᠷᠯᠡᠯ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠦᠷᠭᠦᠯᠵᠢᠯᠡᠭᠦᠯᠵᠦ᠂ ︽ᠨᠢᠭᠡ ᠪᠦᠰᠡ ᠨᠢᠭᠡ ᠵᠠᠮ︾ ᠢ | ᠴᠢᠨᠠᠷ ᠰᠠᠶᠢᠲᠠᠢ ᠪᠦᠲᠦᠭᠡᠨ ᠪᠠᠶᠢᠭᠤᠯᠬᠤ ᠳᠠᠭᠠᠭᠤᠯᠤᠭᠴᠢ ᠪᠣᠯᠣᠶ᠎ᠠ᠃ ᠳᠤᠮᠳᠠᠳᠤ ᠤᠯᠤᠰ ᠤᠨ ᠭᠡᠳᠦ ᠶᠡᠭᠡ | ᠬᠡᠪᠴᠢᠶᠡᠨ ᠤ ᠵᠠᠬ᠎ᠠ ᠳᠡᠯᠭᠡᠭᠦᠷ ᠨᠢ ᠺᠧᠨᠢᠶᠠ ᠶᠢᠨ ᠴᠢᠨᠠᠷ ᠰᠠᠶᠢᠲᠠᠢ ᠦᠢᠯᠡᠳᠬᠦᠨ ᠳᠤ ᠢᠮᠠᠭᠲᠠ ᠡᠭᠦᠳᠡ ᠪᠠᠨ | ᠨᠡᠭᠡᠭᠡᠵᠦ᠂ ᠳᠤᠮᠳᠠᠳᠤ ᠤᠯᠤᠰ ᠨᠡᠩ ᠤᠯᠠᠨ ᠪᠣᠳᠠᠲᠤ ᠬᠦᠴᠦᠨ ᠪᠦᠬᠦᠢ ᠳᠤᠮᠳᠠᠳᠤ ᠤᠯᠤᠰ ᠤᠨ ᠠᠵᠤ | ᠠᠬᠤᠶᠢᠯᠠᠯ ᠤᠨ ᠺᠧᠨᠢᠶᠠ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ᠎ᠠ᠃ | ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠴᠢᠬᠤᠯᠠ ᠪᠦᠷᠢᠯᠳᠦᠭᠦᠨ ᠪᠣᠯᠤᠭᠰᠠᠨ ᠤ ᠬᠤᠪᠢ ᠳᠤ᠂ | ᠳᠤᠮᠳᠠᠳᠤ ᠺᠧᠨᠢᠶᠠ ᠬᠤᠶᠠᠷ ᠤᠯᠤᠰ ᠪᠣᠳᠠᠲᠤ ᠠᠵᠢᠯᠯᠠᠭ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠢ ᠡᠷᠡᠰ ᠬᠠᠮᠠᠭᠠᠯᠠᠵᠤ᠂ ᠬᠠᠮᠲᠤ ᠪᠠᠷ ᠵᠥᠪᠳᠡᠬᠦ | ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠪᠦᠭᠦ ᠪᠥᠮᠪᠥᠷᠴᠡᠭ ᠤᠨ ᠵᠠᠰᠠᠯᠲᠠ ᠶᠢ ᠠᠬᠢᠭᠤᠯᠵᠤ᠂ ᠵᠢᠩᠬᠢᠨᠢ ᠤᠯᠠᠨ | ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠡ᠂ | ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠳᠡᠯᠡᠬᠡᠢ ᠶᠢᠨ | ᠡᠩᠬᠡ ᠲᠠᠶᠢᠪᠤᠩ᠂ ᠠᠮᠤᠷ ᠲᠦᠪᠰᠢᠨ᠂ ᠬᠥᠭᠵᠢᠯ ᠴᠡᠴᠡᠭᠯᠡᠯ᠂ ᠲᠠᠪᠰᠢᠯᠳᠠ ᠶᠢᠨ ᠭᠡᠭᠡᠨ ᠰᠠᠷᠠᠭᠤᠯ ᠢᠷᠡᠭᠡᠳᠦᠢ | ᠲᠡᠶᠢᠰᠢ ᠤᠷᠤᠭᠰᠢᠯᠠᠬᠤ ᠶᠢ ᠠᠬᠢᠭᠤᠯᠤᠶ᠎ᠠ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠤᠨ ᠦᠨᠡᠨ | ᠪᠣᠳᠠᠲᠠᠢ ᠳᠣᠲᠣᠨᠣ ᠦᠨᠡᠨᠴᠢ ᠪᠠᠷ ᠠᠹᠷᠢᠺᠠ ᠲᠢᠪ ᠲᠤ ᠬᠠᠨᠳᠤᠬᠤ ᠲᠦᠷᠦ ᠶᠢᠨ ᠪᠣᠳᠣᠯᠭ᠎ᠠ ᠶᠢᠨ ᠣᠶᠢᠯᠠᠭᠠᠭᠳᠠᠬᠤᠨ | ᠬᠤᠪᠢᠷᠠᠬᠤ ᠦᠭᠡᠢ᠂ ᠳᠤᠮᠳᠠᠳᠤ ᠠᠹᠷᠢᠺᠠ ᠶᠢᠨ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠬᠤ ᠤᠭ ᠰᠠᠨᠠᠭ᠎ᠠ ᠬᠤᠪᠢᠷᠠᠬᠤ ᠦᠭᠡᠢ᠂ ᠳᠤᠮᠳᠠᠳᠤ ᠠᠹᠷᠢᠺᠠ ᠶᠢᠨ ᠬᠠᠮᠲᠤᠷᠠᠯᠴᠠᠵᠤ | ᠬᠠᠮᠲᠤ ᠪᠠᠷ ᠠᠰᠢᠭ ᠭᠦᠷᠳᠡᠭᠦ᠂ ᠬᠠᠮᠲᠤ ᠪᠠᠷ ᠬᠥᠭᠵᠢᠬᠦ ᠦᠨᠳᠦᠰᠦᠨ ᠵᠣᠷᠢᠯᠲᠠ ᠬᠤᠪᠢᠷᠠᠬᠤ ᠦᠭᠡᠢ ᠶᠤᠮ᠃ | ᠳᠤᠮᠳᠠᠳᠤ ᠤᠯᠤᠰ ᠬᠡᠯᠡᠪᠡᠯ ᠢᠲᠡᠭᠡᠮᠵᠢᠲᠡᠢ᠂ ᠬᠢᠪᠡᠯ ᠪᠦᠲᠦᠮᠵᠢᠲᠡᠢ ᠪᠠᠶᠢᠵᠤ᠂ ᠳᠤᠷᠠᠲᠠᠶ᠎ᠠ ᠺᠧᠨᠢᠶᠠ ᠶᠢ ᠪᠠᠭᠲᠠᠭᠠᠭᠰᠠᠨ | ᠠᠹᠷᠢᠺᠠ ᠲᠢᠪ ᠤᠨ ᠤᠯᠤᠰ ᠤᠳ ᠲᠠᠢ ᠬᠠᠮᠲᠤ ᠪᠠᠷ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ | ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠤᠨ ᠨᠡᠩ ᠤᠯᠠᠨ ᠡᠬᠢᠨ ᠤ | ᠬᠤᠭᠤᠴᠠᠭᠠᠨ ᠤ ᠠᠮᠵᠢᠯᠲᠠ ᠣᠯᠬᠤ ᠶᠢ ᠠᠬᠢᠭᠤᠯᠵᠤ᠂ ᠠᠹᠷᠢᠺᠠ ᠲᠢᠪ ᠤᠨ ᠠᠷᠠᠳ ᠲᠦᠮᠡᠨ ᠳᠤ ᠨᠡᠩ ᠰᠠᠶᠢᠨ | ᠠᠰᠢᠭ ᠬᠦᠷᠲᠡᠭᠡᠵᠦ᠂ ᠳᠤᠮᠳᠠᠳᠤ ᠠᠹᠷᠢᠺᠠ ᠶᠢᠨ ᠬᠠᠮᠲᠤᠷᠠᠨ ᠬᠦᠴᠦᠷᠬᠡᠭᠵᠢᠬᠦ᠂ ᠪᠦᠯᠬᠦᠮᠳᠡᠨ ᠬᠠᠮᠵᠢᠯᠴᠠᠬᠤ ᠴᠠᠭ | ᠦᠶ᠎ᠡ ᠶᠢᠨ ᠬᠦᠴᠦᠷᠬᠡᠭ ᠲᠠᠭᠤᠨ ᠢ ᠦᠷᠭᠦᠯᠵᠢᠯᠡᠨ ᠴᠤᠤᠷᠢᠶᠠᠲᠤᠭᠤᠯᠵᠤ᠂ ᠴᠢᠨᠠᠷ ᠰᠠᠶᠢᠲᠠᠢ ᠳᠤᠮᠳᠠᠳᠤ ᠠᠹᠷᠢᠺᠠ ᠶᠢᠨ | ᠬᠠᠮᠲᠤᠷᠠᠯᠴᠠᠭ᠎ᠠ ᠪᠠᠷ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠬᠠᠮᠲᠤᠷᠠᠯᠴᠠᠭ᠎ᠠ ᠶᠢ ᠬᠥᠲᠥᠯᠥᠨ | ᠳᠠᠭᠠᠭᠤᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠪᠣᠭᠤᠮᠲᠠ ᠶᠢᠨ ᠭᠠᠶᠢᠯᠢ ᠶᠢᠨ ᠲᠠᠶᠢᠨ᠂ ᠠᠷᠠᠯᠵᠢᠶᠠᠨ ᠤ ᠲᠠᠶᠢᠨ ᠳᠤ ᠢᠯᠠᠭᠴᠢ ᠭᠡᠵᠦ ᠪᠠᠶᠢᠳᠠᠭ | ᠦᠭᠡᠢ᠃ ᠳᠤᠮᠳᠠᠳᠤ ᠤᠯᠤᠰ ᠬᠡᠷᠡᠭ ᠲᠠᠲᠠᠬᠤ ᠦᠭᠡᠢ ᠪᠥᠭᠡᠳ ᠬᠡᠷᠡᠭ ᠠᠴᠠ ᠠᠶᠤᠬᠤ ᠦᠭᠡᠢ᠂ ᠳᠤᠷᠠᠲᠠᠶ᠎ᠠ | ᠳᠡᠯᠡᠬᠡᠢ ᠶᠢᠨ ᠡᠯ᠎ᠡ ᠤᠯᠤᠰ ᠯᠤᠭ᠎ᠠ ᠬᠠᠮᠲᠤ ᠪᠠᠷ ᠪᠦᠯᠬᠦᠮᠳᠡᠨ ᠬᠠᠮᠲᠤᠷᠠᠯᠴᠠᠬᠤ ᠪᠠᠷ ᠲᠠᠮᠵᠢᠨ ᠡᠯ᠎ᠡ ᠵᠦᠢᠯ ᠤᠨ | ᠥᠷᠢᠰᠦᠯᠳᠦᠭᠡᠨ ᠢ ᠠᠷᠭᠠᠴᠠᠭᠠᠵᠤ᠂ ᠲᠤᠰ ᠪᠡᠶ᠎ᠡ ᠶᠢᠨ ᠵᠦᠢ ᠶᠣᠰᠣᠨ ᠤ ᠡᠷᠬᠡ ᠠᠰᠢᠭ ᠢᠶᠠᠨ ᠬᠠᠮᠠᠭᠠᠯᠠᠵᠤ᠂ ᠤᠯᠠᠨ | ᠤᠯᠤᠰ ᠤᠨ ᠠᠷᠠᠯᠵᠢᠶᠠᠨ ᠤ ᠳᠦᠷᠢᠮ ᠢ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ | ᠬᠠᠮᠠᠭᠠᠯᠠᠨ᠎ᠠ ᠭᠡᠵᠦ ᠴᠢᠬᠤᠯᠠᠴᠢᠯᠠᠪᠠ᠃ | ᠷᠦᠲ᠋ᠤ᠋᠂ ᠺᠧᠨᠢᠶᠠ ᠳᠤᠮᠳᠠᠳᠤ ᠴᠢᠩ ᠦᠨᠡᠨᠴᠢ ᠪᠠᠷ ᠬᠠᠨᠳᠤᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠳᠡᠭᠦ ᠶᠢ ᠢᠮᠠᠭᠲᠠ ᠪᠠᠷᠢᠮᠲᠠᠯᠠᠵᠤ᠂ ᠬᠤᠶᠠᠷ ᠤᠯᠤᠰ ᠤᠨ ᠬᠠᠮᠲᠤᠷᠠᠯᠴᠠᠭ᠎ᠠ ᠬᠠᠮᠲᠤ ᠶᠢᠨ ᠬᠦᠰᠡᠯ ᠡᠷᠡᠮᠡᠯᠵᠡᠯ ᠲᠠᠢ | ᠪᠠᠶᠢᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠭᠰᠠᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠪᠣᠯᠣᠨ᠎ᠠ᠃ ᠺᠧᠨᠢᠶᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ | ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ | ᠰᠠᠯᠵᠤ ᠪᠣᠯᠣᠰᠢ ᠦᠭᠡᠢ ᠨᠢᠭᠡ ᠬᠡᠰᠡᠭ ᠪᠤᠯᠬᠤ ᠶᠢ ᠪᠠᠷᠢᠮᠲᠠᠯᠠᠨ᠎ᠠ᠃ ᠺᠧᠨᠢᠶᠠ ᠶᠢᠨ ᠬᠢᠨ ᠳᠤᠮᠳᠠᠳᠤ ᠤᠯᠤᠰ ᠤᠨ | ᠵᠠᠰᠠᠭ ᠤᠨ ᠣᠷᠳᠣᠨ ᠪᠣᠯᠣᠨ ᠠᠷᠠᠳ ᠲᠦᠮᠡᠨ ᠤ ᠺᠧᠨᠢᠶᠠ ᠶᠢᠨ ᠰᠠᠭᠤᠷᠢ ᠲᠥᠬᠦᠭᠡᠷᠦᠮᠵᠢ ᠶᠢᠨ ᠲᠦᠪᠰᠢᠨ ᠢ | ᠳᠡᠭᠡᠭᠰᠢᠯᠡᠭᠦᠯᠭᠦ᠂ ᠪᠠᠶᠢᠭᠠᠯᠢ ᠶᠢᠨ ᠭᠠᠮᠰᠢᠭ ᠢ ᠠᠷᠭᠠᠴᠠᠭᠠᠬᠤ ᠳᠤ ᠬᠠᠷᠠᠮ ᠦᠭᠡᠢ ᠬᠠᠪᠰᠤᠷᠤᠯᠭ᠎ᠠ ᠦᠵᠡᠭᠦᠯᠦᠭᠰᠡᠨ ᠳᠤ | ᠲᠠᠯᠠᠷᠬᠠᠵᠤ ᠪᠠᠶᠢᠨ᠎ᠠ᠂ ᠮᠤᠮᠪᠠᠰᠠ ᠠᠴᠠ ᠨᠠᠶᠢᠷᠤᠪᠢ ᠬᠦᠷᠬᠦ ᠲᠡᠮᠦᠷ ᠵᠠᠮ ᠵᠡᠷᠭᠡ ︽ᠨᠢᠭᠡ ᠪᠦᠰᠡ ᠨᠢᠭᠡ ᠵᠠᠮ︾ ᠤᠨ | ᠲᠦᠷᠦᠯ ᠵᠦᠢᠯ ᠺᠧᠨᠢᠶᠠ ᠶᠢᠨ ᠤᠯᠤᠰ ᠤᠨ ᠬᠥᠭᠵᠢᠯᠲᠡ ᠶᠢ ᠬᠦᠴᠦᠲᠡᠢ ᠠᠬᠢᠭᠤᠯᠪᠠ᠃ ᠺᠧᠨᠢᠶᠠ ᠶᠢᠨ ᠬᠢᠨ | ᠳᠤᠷᠠᠲᠠᠶ᠎ᠠ ᠳᠤᠮᠳᠠᠳᠤ ᠤᠯᠤᠰ ᠯᠤᠭ᠎ᠠ ᠭᠠᠷ ᠬᠤᠯᠪᠣᠯᠴᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ᠪᠦᠭᠦ ᠲᠠᠯ᠎ᠠ ᠪᠠᠷ | ᠵᠣᠯᠭᠠᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠤᠷᠭᠠᠨ | ᠬᠥᠮᠦᠵᠢᠯ᠂ ᠰᠣᠶᠣᠯ᠂ ᠵᠢᠭᠤᠯᠴᠢᠯᠠᠯ ᠤᠨ ᠰᠣᠯᠢᠯᠴᠠᠭ᠎ᠠ ᠪᠠᠨ ᠨᠡᠮᠡᠭᠳᠡᠭᠦᠯᠵᠦ᠂ ᠲᠤᠰ ᠲᠤᠰ ᠤᠨ | ᠣᠳᠣᠬᠢᠴᠢᠯᠠᠯᠲᠠ ᠶᠢᠨ ᠠᠬᠢᠴᠠ ᠪᠠᠨ ᠠᠬᠢᠭᠤᠯᠵᠤ᠂ ᠬᠤᠶᠠᠷ ᠤᠯᠤᠰ ᠤᠨ ᠢᠷᠡᠭᠡᠳᠦᠢ ᠶᠢ ᠨᠡᠩ ᠨᠢᠭᠲᠠ ᠬᠤᠯᠪᠣᠨ᠎ᠠ᠃ | ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠨᠢ ᠠᠹᠷᠢᠺᠠ ᠲᠢᠪ ᠤᠨ ᠡᠩᠬᠡ ᠲᠠᠶᠢᠪᠤᠩ ᠬᠥᠭᠵᠢᠯᠲᠡ ᠳᠤ ᠠᠰᠢᠭᠲᠠᠢ | ᠶᠤᠮ᠂ ᠺᠧᠨᠢᠶᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠲᠠ ᠵᠣᠬᠢᠴᠠᠭᠤᠯᠤᠨ ᠬᠠᠮᠵᠢᠯᠴᠠᠵᠤ᠂ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ | ᠬᠤᠷᠠᠯ ᠤᠨ ᠦᠷ᠎ᠡ ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠠᠷᠠᠯᠵᠢᠶᠠᠨ ᠤ ᠳᠠᠶᠢᠨ ᠨᠢ ᠣᠳᠣ ᠶᠢᠨ | ᠪᠠᠶᠢᠭ᠎ᠠ ᠣᠯᠠᠨ ᠤᠯᠤᠰ ᠤᠨ ᠳᠦᠷᠢᠮ ᠪᠠ ᠡᠮᠬᠢ ᠳᠢᠭᠯᠢᠮ ᠢ ᠡᠪᠳᠡᠵᠦ ᠪᠤᠢ᠃ ᠺᠧᠨᠢᠶᠠ ᠶᠢᠨ ᠬᠢᠨ ᠳᠤᠮᠳᠠᠳᠤ | ᠤᠯᠤᠰ ᠤᠨ ᠣᠳᠣᠬᠠᠨ ᠤ ᠣᠷᠤᠭ᠎ᠠ ᠪᠤᠰᠬᠠᠭ᠎ᠠ ᠪᠠᠶᠢᠳᠠᠯ ᠳᠤ ᠲᠣᠭᠲᠠᠪᠤᠷᠢᠵᠢᠭᠤᠯᠤᠭᠴᠢ ᠶᠢᠨ ᠦᠢᠯᠡᠳᠦᠯ ᠢᠶᠠᠨ | ᠪᠠᠳᠠᠷᠠᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠵᠦᠢ ᠶᠣᠰᠣᠨ ᠤ ᠡᠷᠬᠡ ᠠᠰᠢᠭ ᠢ | ᠬᠠᠮᠠᠭᠠᠯᠠᠵᠤ ᠪᠠᠶᠢᠬᠤ ᠶᠢ ᠮᠠᠭᠲᠠᠨ ᠰᠠᠶᠢᠰᠢᠶᠠᠵᠤ ᠪᠠᠶᠢᠨ᠎ᠠ᠃ ᠺᠧᠨᠢᠶᠠ ᠶᠢᠨ ᠬᠢᠨ ᠳᠤᠷᠠᠲᠠᠶ᠎ᠠ ᠳᠤᠮᠳᠠᠳᠤ ᠤᠯᠤᠰ | ᠯᠤᠭ᠎ᠠ ᠤᠯᠠᠨ ᠲᠠᠯᠠᠲᠤ ᠦᠵᠡᠯ ᠢ ᠬᠠᠮᠲᠤ ᠪᠠᠷ ᠪᠠᠷᠢᠮᠲᠠᠯᠠᠨ ᠦᠢᠯᠡᠳᠦᠯᠭᠡᠵᠢᠭᠦᠯᠦᠨ᠎ᠡ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ᠂ ᠳᠡᠭᠡᠳᠦ ᠰᠢᠨ᠎ᠡ ᠲᠧᠭᠨᠢᠭ ᠮᠡᠷᠭᠡᠵᠢᠯ᠂ ᠰᠣᠶᠣᠯ ᠢᠷᠭᠡᠨᠰᠢᠯ ᠤᠨ ᠰᠣᠯᠢᠯᠴᠠᠭ᠎ᠠ᠂ | ᠠᠵᠤ ᠠᠬᠤᠢ ᠠᠷᠠᠯᠵᠢᠶ᠎ᠠ᠂ ᠰᠣᠨᠢᠨ ᠮᠡᠳᠡᠭᠡ ᠵᠠᠭᠤᠴᠢᠯᠠᠭᠤᠷ ᠵᠡᠷᠭᠡ ᠬᠦᠷᠢᠶᠡᠨ ᠳᠠᠬᠢ 20 ᠵᠦᠢᠯ ᠤᠨ | ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ | ᠺᠧᠨᠢᠶᠠ ᠤᠯᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠦᠯᠢᠭᠡᠷ ᠳᠠᠭᠤᠷᠢᠶᠠᠯ ᠪᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ | ᠨᠡᠶᠢᠲᠡᠯᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ | ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠷᠦᠲ᠋ᠤ᠋ ᠪᠣᠯᠣᠨ ᠲᠡᠭᠦᠨ ᠤ ᠬᠠᠳᠤᠨ | ᠯᠧᠶᠢᠴᠢᠶᠧᠷ ᠢ ᠤᠭᠲᠤᠬᠤ ᠶᠣᠰᠣᠯᠠᠯ ᠶᠠᠪᠤᠭᠤᠯᠪᠠ᠃ | ᠷᠦᠲ᠋ᠤ᠋ ᠬᠦᠷᠴᠦ ᠢᠷᠡᠬᠦ ᠦᠶ᠎ᠡ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ | ᠰᠢ ᠶᠢᠨ ᠫᠢᠩ ᠷᠦᠲ᠋ᠤ᠋ ᠲᠠᠢ ᠬᠠᠮᠲᠤ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ | ᠳᠤᠮᠳᠠᠳᠤ ᠺᠧᠨᠢᠶᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠧᠨ ᠠᠭᠤᠳᠠᠮ | ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ᠃ ᠷᠦᠲ᠋ᠤ᠋ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ | ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ | ᠪᠥᠭᠡᠳ ᠵᠢᠭᠰᠠᠭᠠᠯ ᠢ ᠰᠣᠨᠢᠷᠬᠠᠪᠠ᠃ | ᠲᠤᠰ ᠡᠳᠦᠷ ᠤᠨ ᠦᠳᠡ ᠳᠤ᠂ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ | ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠷᠦᠲ᠋ᠤ᠋ ᠪᠣᠯᠣᠨ ᠲᠡᠭᠦᠨ ᠤ ᠬᠠᠳᠤᠨ ᠢ ᠤᠭᠲᠤᠬᠤ ᠳᠠᠶᠢᠯᠠᠯᠭ᠎ᠠ | ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | |