ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 25 ᠤ ᠡᠳᠦᠷ ᠤᠨ ᠴᠠᠬᠢᠯᠭᠠᠨ ᠮᠡᠳᠡᠭᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 4 ᠳ᠋ᠦ᠋ᠭᠡᠷ | ᠰᠠᠷ᠎ᠠ ᠶᠢᠨ 25 ᠤ ᠡᠳᠦᠷ ᠬᠤᠷᠠᠯᠳᠤᠭᠠᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠠᠵᠤ | ᠠᠬᠤᠢ ᠶᠢᠨ ᠠᠵᠢᠯ ᠢ ᠵᠠᠳᠠᠯᠤᠨ ᠰᠤᠳᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ | ᠬᠤᠷᠠᠯᠳᠤᠭᠠᠨ ᠢ ᠡᠷᠬᠢᠯᠡᠪᠡ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ | ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ | ᠵᠥᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ | ᠪᠠᠶᠢᠭᠤᠯᠵᠤ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠠᠵᠢᠯ ᠪᠠ ᠤᠯᠠᠨ ᠤᠯᠤᠰ ᠤᠨ ᠠᠵᠤ ᠠᠬᠤᠢ | ᠠᠷᠠᠯᠵᠢᠶᠠᠨ ᠤ ᠲᠡᠮᠡᠴᠡᠯ ᠢ ᠨᠢᠭᠡᠳᠦᠯᠲᠡᠢ ᠲᠥᠯᠥᠪᠯᠡᠵᠦ᠂ ᠥᠪᠡᠷ ᠤᠨ ᠢᠶᠠᠨ ᠠᠵᠢᠯ ᠶᠠᠪᠤᠳᠠᠯ ᠢ ᠡᠷᠡᠰ ᠭᠤᠶᠢᠪᠢᠰᠢ | ᠦᠭᠡᠢ ᠰᠠᠶᠢᠲᠤᠷ ᠬᠢᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ | ᠥᠷᠭᠡᠳᠬᠡᠵᠦ᠂ ᠠᠵᠢᠯ ᠣᠯᠭᠤᠯᠲᠠ᠂ ᠠᠵᠤ ᠠᠬᠤᠶᠢᠯᠠᠯ᠂ ᠵᠠᠬ᠎ᠠ ᠳᠡᠯᠭᠡᠭᠦᠷ ᠪᠠ ᠵᠢᠱᠢᠯᠲᠡ ᠶᠢ ᠬᠦᠴᠦᠯᠡᠨ | ᠲᠣᠭᠲᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠠᠯᠲᠤ ᠴᠢᠨᠠᠷ ᠢᠶᠠᠷ ᠭᠠᠳᠠᠭᠠᠳᠤ ᠣᠷᠴᠢᠨ | ᠨᠥᠬᠦᠴᠡᠯ ᠤᠨ ᠲᠦᠷᠭᠡᠨ ᠬᠤᠪᠢᠷᠠᠯᠲᠠ ᠶᠢᠨ ᠲᠣᠭᠲᠠᠭᠠᠯᠲᠤ ᠪᠤᠰᠤ ᠴᠢᠨᠠᠷ ᠢ ᠠᠷᠭᠠᠴᠠᠭᠠᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠨᠠᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ | ᠲᠥᠷᠥ ᠶᠢᠨ ᠪᠣᠳᠣᠯᠭ᠎ᠠ ᠶᠢ ᠰᠢᠮᠳᠠᠭᠤᠯᠤᠨ ᠬᠡᠷᠡᠭᠵᠢᠭᠦᠯᠵᠦ᠂ ᠨᠠᠩ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ | ᠪᠣᠳᠣᠯᠭ᠎ᠠ ᠪᠠ ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠮᠥᠷᠲᠡᠭᠡᠨ | ᠭᠦᠢᠴᠡᠳ ᠬᠡᠷᠡᠭᠯᠡᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ | ᠵᠢᠭᠡᠯᠡᠯᠭᠡ ᠶᠢᠨ ᠲᠡᠮᠳᠡᠭᠲᠦ᠂ ᠤᠯᠤᠰ ᠤᠨ ᠬᠡᠳᠦ ᠤᠷᠳᠤ ᠬᠤᠭᠤᠴᠠᠭᠠᠲᠤ ᠣᠨᠴᠠᠭᠠᠢ ᠵᠢᠭᠡᠯᠡᠯᠭᠡ ᠵᠡᠷᠭᠡ ᠶᠢ ᠲᠠᠷᠬᠠᠭᠠᠨ | ᠬᠡᠷᠡᠭᠯᠡᠬᠦ ᠶᠢ ᠲᠦᠷᠭᠡᠳᠬᠡᠨ᠎ᠡ᠃ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ | ᠰᠠᠬᠢᠬᠤ ᠬᠡᠷᠡᠭᠲᠡᠢ᠃ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠣᠷᠮ᠎ᠠ ᠪᠠ ᠬᠦᠦ ᠮᠥᠩᠭᠦ ᠶᠢᠨ ᠨᠤᠷᠮ᠎ᠠ ᠶᠢ | ᠴᠠᠭ ᠲᠤ ᠨᠢ ᠲᠣᠬᠢᠷᠠᠭᠤᠯᠤᠨ ᠪᠠᠭᠤᠷᠠᠭᠤᠯᠵᠤ᠂ ᠬᠥᠳᠡᠯᠭᠡᠭᠡᠨᠲᠦ ᠴᠢᠨᠠᠷ ᠢᠶᠠᠷ ᠭᠦᠢᠴᠡᠳ ᠪᠠᠶᠢᠬᠤ ᠶᠢ ᠪᠠᠲᠤᠯᠠᠵᠤ᠂ | ᠪᠣᠳᠠᠲᠤ ᠴᠣᠭᠴᠠ ᠶᠢᠨ ᠠᠵᠤ ᠠᠬᠤᠢ ᠶᠢ ᠬᠦᠴᠦᠯᠡᠨ ᠳᠡᠮᠵᠢᠬᠦ ᠬᠡᠷᠡᠭᠲᠡᠢ᠃ ᠪᠦᠲᠦᠴᠡ ᠶᠢᠨ ᠴᠢᠨᠠᠷᠲᠠᠢ ᠵᠣᠭᠤᠰᠤᠨ ᠤ | ᠲᠦᠷᠦ ᠶᠢᠨ ᠪᠣᠳᠣᠯᠭ᠎ᠠ ᠶᠢᠨ ᠰᠢᠨ᠎ᠡ ᠪᠠᠭᠠᠵᠢ ᠶᠢ ᠡᠭᠦᠳᠦᠨ ᠲᠣᠬᠢᠷᠠᠭᠤᠯᠵᠤ᠂ ᠰᠢᠨ᠎ᠡ ᠮᠠᠶ᠋ᠢᠭ ᠤᠨ ᠲᠦᠷᠦ ᠶᠢᠨ | ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠶᠢ ᠲᠣᠬᠢᠷᠠᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ᠂ ᠬᠡᠷᠡᠭᠯᠡᠭᠡ ᠶᠢ ᠥᠷᠭᠡᠳᠬᠡᠬᠦ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ | ᠵᠡᠷᠭᠡ ᠶᠢ ᠳᠡᠮᠵᠢᠨ᠎ᠡ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ | ᠣᠷᠣᠯᠭ᠎ᠠ ᠶᠢ ᠨᠡᠮᠡᠭᠳᠡᠭᠦᠯᠵᠦ᠂ ᠦᠢᠯᠡᠴᠢᠯᠡᠭᠡᠨ ᠤ ᠬᠡᠷᠡᠭᠯᠡᠭᠡ ᠶᠢ ᠶᠡᠭᠡ ᠪᠠᠷ ᠬᠥᠭᠵᠢᠭᠦᠯᠵᠦ᠂ ᠠᠵᠤ ᠠᠬᠤᠢ ᠶᠢᠨ | ᠨᠡᠮᠡᠭᠳᠡᠯ ᠳᠤ ᠦᠵᠡᠭᠦᠯᠬᠦ ᠬᠡᠷᠡᠭᠯᠡᠭᠡ ᠶᠢᠨ ᠳᠠᠶᠢᠴᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ ᠬᠡᠷᠡᠭᠯᠡᠭᠡᠨ ᠤ | ᠬᠦᠷᠢᠶᠡᠨ ᠳᠠᠬᠢ ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠲᠦᠷᠭᠡᠬᠡᠨ ᠢᠯᠭᠠᠷᠠᠭᠤᠯᠤᠨ ᠲᠢᠭᠯᠡᠵᠦ᠂ | ᠦᠢᠯᠡᠴᠢᠯᠡᠭᠡᠨ ᠤ ᠬᠡᠷᠡᠭᠯᠡᠭᠡ ᠬᠢᠭᠡᠳ ᠨᠠᠰᠤᠵᠢᠯ ᠤᠨ ᠠᠰᠠᠷᠠᠮᠵᠢ ᠶᠢᠨ ᠳᠠᠬᠢᠯᠲᠠ ᠵᠢᠭᠡᠯᠡᠯᠭᠡ ᠶᠢ ᠲᠣᠬᠢᠷᠠᠭᠤᠯᠤᠨ᠎ᠠ᠃ | ᠪᠡᠯᠡ ᠮᠥᠩᠭᠦᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠬᠦᠷᠢᠶ᠎ᠡ ᠬᠡᠪᠴᠢᠶ᠎ᠡ ᠶᠢ ᠥᠷᠭᠡᠳᠬᠡᠨ ᠶᠠᠰᠤ | ᠴᠢᠨᠠᠷ ᠢ ᠳᠡᠭᠡᠭᠰᠢᠯᠡᠭᠦᠯᠵᠦ ︽ᠰᠢᠨᠡᠳᠬᠡᠬᠦ ᠪᠠ ᠰᠣᠯᠢᠬᠤ︾ ᠲᠠᠯ᠎ᠠ ᠪᠠᠷ ᠬᠢ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠦᠨ᠂ ︽ᠨᠢᠭᠡ ᠴᠢᠬᠤᠯᠠ ᠨᠢᠭᠡ ᠭᠤᠣᠯᠳᠠᠯᠭ᠎ᠠ︾ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ | ᠬᠡᠷᠡᠭᠵᠢᠭᠦᠯᠦᠨ᠎ᠡ ᠭᠡᠵᠡᠢ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠵᠦ ᠪᠠᠶᠢᠭᠠᠳ ᠬᠦᠴᠢᠷᠳᠡᠯᠲᠡᠢ ᠠᠵᠤ ᠠᠬᠤᠶᠢᠯᠠᠯ ᠢ ᠬᠠᠪᠰᠤᠷᠤᠨ ᠲᠡᠳᠬᠦᠬᠦ ᠬᠡᠷᠡᠭᠲᠡᠢ᠃ ᠪᠡᠯᠡ | ᠲᠣᠬᠢᠷᠠᠭᠤᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ | ᠴᠣᠭᠴᠠᠵᠢᠭᠤᠯᠬᠤ ᠪᠠᠨ ᠲᠦᠷᠭᠡᠪᠴᠢᠯᠡᠨ ᠠᠬᠢᠭᠤᠯᠤᠨ᠎ᠠ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠪᠣᠶᠢᠵᠢᠭᠤᠯᠤᠨ ᠪᠤᠵᠠᠭᠠᠶᠢᠷᠠᠭᠤᠯᠵᠤ᠂ ᠨᠢᠭᠡ ᠪᠦᠯᠦᠭ ᠰᠢᠨ᠎ᠡ ᠪᠠᠷ ᠡᠭᠦᠰᠦᠭᠰᠡᠨ ᠲᠤᠯᠭᠠᠭᠤᠷᠢ ᠠᠵᠤ ᠦᠢᠯᠡᠰ ᠢ ᠪᠤᠢ | ᠪᠣᠯᠭᠠᠨ᠎ᠠ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠰᠢᠢᠳᠪᠦᠷᠢᠯᠡᠬᠦ ᠶᠢ ᠦᠷᠭᠦᠯᠵᠢᠯᠡᠨ | ᠬᠦᠴᠦᠯᠡᠨ ᠠᠬᠢᠭᠤᠯᠵᠤ᠂ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠠᠮᠪᠠᠷ᠎ᠠ︾ ᠶᠢ ᠰᠢᠨ᠎ᠡ ᠪᠠᠷ ᠡᠭᠦᠳᠦᠨ ᠭᠠᠷᠭᠠᠵᠤ᠂ ︽ᠵᠣᠬᠢᠶᠠᠮᠠᠯ ᠤᠶᠤᠨ +︾ ᠠᠵᠢᠯᠯᠠᠭ᠎ᠠ ᠶᠢ | ᠲᠦᠷᠭᠡᠪᠴᠢᠯᠡᠨ ᠬᠡᠷᠡᠭᠵᠢᠭᠦᠯᠦᠨ᠎ᠡ ᠭᠡᠵᠡᠢ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | |