ᠭᠦᠭᠡᠬᠤᠳᠠ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠳᠠᠯᠳᠠ ᠭᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/4/28
     ᠣᠶᠢᠷ᠎ᠠ ᠳᠤ᠂ ᠭᠦᠭᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠳᠠᠯᠳᠠ ᠭᠡᠮ ᠰᠣᠭᠤᠭ ᠢ ᠵᠢᠭᠰᠠᠭᠠᠨ ᠪᠠᠶᠢᠴᠠᠭᠠᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠤᠢ ᠪᠣᠯᠭᠠᠨ᠎ᠠ᠃     ᠣᠶᠢᠯᠠᠭᠠᠭᠰᠠᠨ ᠢᠶᠠᠷ᠂ 2 ᠰᠠᠷ᠎ᠠ ᠠᠴᠠ ᠨᠠᠭᠠᠰᠢ᠂ ᠭᠦᠭᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ 3 ᠲᠤᠰᠬᠠᠢ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠲᠤᠰ ᠲᠤᠰ ᠰᠢᠨ᠎ᠡ ᠬᠤᠲᠠ ᠲᠣᠭᠤᠷᠢᠭ᠂ ᠰᠠᠶᠢᠬᠠᠨ ᠲᠣᠭᠤᠷᠢᠭ᠂ ᠬᠤᠲᠣᠩ ᠠᠷᠠᠳ ᠤᠨ ᠲᠣᠭᠤᠷᠢᠭ᠂ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠦᠴᠦᠸᠠᠨ ᠰᠢᠶᠠᠨ᠂ ᠴᠢᠩ ᠱᠦᠢ ᠾᠧ ᠰᠢᠶᠠᠨ ᠵᠡᠷᠭᠡ 8 ᠬᠤᠰᠢᠭᠤ ᠰᠢᠶᠠᠨ ᠲᠣᠭᠤᠷᠢᠭ ᠲᠤ ᠬᠦᠷᠴᠦ᠂ 21 ᠳᠠᠯᠳᠠ ᠭᠡᠮ ᠰᠣᠭᠤᠭ ᠤᠨ ᠴᠡᠭ ᠲᠤ ᠠᠮᠤᠷ ᠲᠦᠪᠰᠢᠨ ᠤ ᠰᠡᠷᠡᠮᠵᠢ ᠶᠢᠨ ᠫᠠᠶᠢᠰᠠ ᠪᠣᠰᠬᠠᠬᠤ ᠡᠰᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠬᠡᠮᠵᠢᠬᠦ ᠬᠤᠯᠪᠣᠭᠠᠴᠢᠨ ᠤ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ︽ᠬᠤᠶᠠᠷ ᠬᠦᠰᠦᠨᠦᠭᠲᠦ ᠨᠢᠭᠡ ᠺᠠᠷᠲ︾ ᠢ ᠰᠢᠨᠡᠳᠬᠡᠨ ᠲᠠᠷᠬᠠᠭᠠᠭᠰᠠᠨ ᠡᠰᠡᠬᠦ᠂ ᠲᠤᠬᠠᠢ ᠶᠢᠨ ᠲᠠᠯᠠᠪᠠᠶ ᠳᠤ ᠭᠠᠵᠠᠷ ᠰᠢᠨᠵᠢᠯᠡᠭᠡᠨ ᠤ ᠭᠠᠢ ᠭᠠᠮᠰᠢᠭ ᠡᠭᠦᠰᠬᠦ ᠬᠠᠨᠳᠤᠰᠢ ᠣᠷᠣᠰᠢᠵᠤ ᠪᠠᠶᠢᠬᠤ ᠡᠰᠡᠬᠦ ᠵᠡᠷᠭᠡ ᠳᠤ ᠪᠠᠶᠢᠴᠠᠭᠠᠯᠲᠠ ᠬᠢᠪᠡ᠃ ᠪᠠᠶᠢᠴᠠᠭᠠᠯᠲᠠ ᠪᠠᠷ ᠳᠠᠮᠵᠢᠨ᠂ 21 ᠳᠠᠯᠳᠠ ᠭᠡᠮ ᠲᠠᠢ ᠲᠤᠬᠠᠢ ᠶᠢᠨ ᠲᠠᠯᠠᠪᠠᠶ  ᠳᠤ ᠴᠥᠮ ᠭᠠᠵᠠᠷ ᠰᠢᠨᠵᠢᠯᠡᠭᠡᠨ ᠤ ᠭᠠᠢ ᠭᠠᠮᠰᠢᠭ ᠢ ᠤᠯᠠᠮ ᠨᠢᠭᠡ ᠠᠯᠬᠤᠮ ᠡᠭᠦᠰᠬᠡᠬᠦ ᠬᠠᠨᠳᠤᠰᠢ ᠭᠠᠷᠤᠭᠰᠠᠨ ᠦᠭᠡᠢ᠃ ᠡᠯ᠎ᠡ ᠬᠤᠰᠢᠭᠤ ᠰᠢᠶᠠᠨ ᠲᠣᠭᠤᠷᠢᠭ ᠴᠥᠮ ᠰᠡᠷᠡᠮᠵᠢ ᠶᠢᠨ ᠫᠠᠶᠢᠰᠠ ᠪᠣᠰᠬᠠᠵᠤ᠂ ᠳᠠᠯᠳᠠ ᠭᠡᠮ ᠰᠣᠭᠤᠭ  ᠤᠨ ᠴᠡᠭ ᠤᠨ ᠣᠷᠣᠨ ᠪᠠᠶᠢᠷᠢ᠂ ᠭᠠᠮᠰᠢᠭ ᠤᠨ ᠲᠥᠷᠥᠯ ᠭᠡᠯᠪᠡᠷᠢ ᠵᠢᠴᠢ ᠠᠩᠬᠠᠷᠬᠤ ᠵᠦᠢᠯᠡᠰ ᠵᠡᠷᠭᠡ ᠵᠠᠩᠭᠢᠯᠠᠭ᠎ᠠ  ᠶᠢᠨ ᠮᠡᠳᠡᠭᠡ ᠵᠠᠩᠭᠢ ᠶᠢ ᠲᠣᠳᠣᠷᠬᠠᠶᠢᠯᠠᠪᠠ᠃ ᠡᠯ᠎ᠡ ᠬᠤᠰᠢᠭᠤ ᠰᠢᠶᠠᠨ ᠲᠣᠭᠤᠷᠢᠭ ᠴᠥᠮ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠬᠡᠮᠵᠢᠬᠦ ᠬᠤᠯᠪᠣᠭᠠᠴᠢᠨ ᠤ ᠳᠦᠷᠢᠮ ᠢ ᠨᠢᠭᠡᠨᠲᠡ ᠨᠠᠶᠢᠳᠠᠪᠤᠷᠢᠵᠢᠭᠤᠯᠵᠤ᠂ ᠣᠯᠠᠨ  ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠬᠡᠮᠵᠢᠬᠦ ᠤᠲᠠᠰᠤ ᠶᠢ ᠰᠠᠭᠠᠳ ᠦᠭᠡᠢ ᠨᠡᠪᠲᠡᠷᠡᠭᠦᠯᠦᠨ᠂ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠳᠠᠯᠳᠠ ᠭᠡᠮ ᠰᠣᠭᠤᠭ ᠤᠨ ᠴᠡᠭ ᠤᠨ ᠪᠠᠶᠢᠳᠠᠯ ᠢ ᠣᠶᠢᠯᠠᠭᠠᠪᠠ᠃ ᠡᠭᠦᠨ ᠤ ᠬᠠᠮᠲᠤ ᠪᠠᠰᠠ ︽ᠬᠤᠶᠠᠷ ᠺᠠᠷᠲ ᠨᠢᠭᠡ ᠬᠦᠰᠦᠨᠦᠭᠲᠦ︾ ᠲᠠᠷᠬᠠᠭᠠᠬᠤ ᠠᠵᠢᠯ ᠢ ᠥᠷᠨᠢᠭᠦᠯᠵᠦ᠂ ᠰᠠᠭᠤᠭᠠᠯᠢ ᠡᠷᠦᠭᠡ ᠨᠢᠭᠡ ᠪᠦᠷᠢ ᠴᠥᠮ ᠭᠠᠵᠠᠷ ᠰᠢᠨᠵᠢᠯᠡᠭᠡᠨ ᠤ ᠭᠠᠢ ᠭᠠᠮᠰᠢᠭ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠲᠣᠳᠣᠷᠬᠠᠢ ᠣᠶᠢᠯᠠᠭᠠᠬᠤ ᠶᠢ ᠦᠨᠡᠨ ᠬᠦ ᠪᠠᠲᠤᠯᠠᠵᠤ᠂ ᠳᠡᠳᠡᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1