︵ᠰᠤᠷᠪᠤᠯᠵᠢᠯᠠᠭᠴᠢ ᠳ᠋ᠢᠩ ᠴᠧᠨ︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠨᠠᠰᠤᠵᠢᠯ ᠤᠨ ᠳᠠᠭᠠᠳᠬᠠᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭ᠎ᠠ | ᠵᠠᠷᠤᠯᠭ᠎ᠠ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠵᠢᠷᠤᠮᠵᠢᠭᠤᠯᠵᠤ᠂ ᠰᠠᠭᠤᠷᠢ ᠮᠥᠩᠭᠦᠨ ᠤ ᠠᠵᠢᠯᠯᠠᠭᠠᠨ ᠤ | ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠬᠦ ᠶᠢᠨ ᠲᠤᠰᠠᠳᠠ᠂ ᠡᠨᠡ ᠵᠢᠯ ᠠᠴᠠ ᠨᠠᠭᠠᠰᠢ᠂ ᠬᠥᠬᠡᠬᠤᠲᠠ ᠶᠢᠨ | ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ ᠳᠡᠰ ᠳᠡᠪᠰᠢᠭᠦᠯᠦᠨ ᠬᠠᠮᠢᠶᠠᠷᠬᠤ | ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠶᠢᠮᠠᠭ ᠬᠤᠲᠠ ᠶᠢᠨ ᠱᠠᠲᠤᠨ ᠠᠴᠠ ᠨᠢᠭᠡᠳᠦᠯᠲᠡᠢ ᠬᠤᠷᠢᠶᠠᠵᠤ | ᠨᠢᠭᠡᠳᠦᠯᠲᠡᠢ ᠵᠠᠷᠤᠬᠤ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠪᠡ᠃ | ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠲᠤᠬᠠᠶᠢᠯᠠᠭᠰᠠᠨ ᠠᠵᠢᠯ | ᠡᠳ᠋ ᠤᠨ ᠶᠠᠪᠤᠳᠠᠯ ᠢ ᠨᠢᠭᠡ ᠴᠣᠭᠴᠠᠵᠢᠭᠤᠯᠤᠭᠰᠠᠨ ᠰᠢᠰᠲ᠋ᠧᠮ ᠳᠤ ᠲᠦᠰᠢᠭᠯᠡᠨ᠂ ᠮᠡᠳᠡᠭᠡ ᠵᠠᠩᠭᠢ ᠶᠢ ᠪᠦᠬᠦ | ᠲᠠᠯ᠎ᠠ ᠪᠠᠷ ᠬᠠᠮᠲᠤ ᠪᠠᠷ ᠡᠳ᠋ᠯᠡᠬᠦ᠂ ᠲᠤᠬᠠᠶᠢᠯᠠᠭᠰᠠᠨ ᠠᠵᠢᠯ ᠤᠨ ᠪᠦᠬᠦ ᠶᠠᠪᠤᠴᠠ ᠶᠢ ᠭᠦᠢᠴᠡᠳᠬᠡᠬᠦ᠂ ᠲᠤᠭ᠎ᠠ | ᠪᠠᠷᠢᠮᠲᠠ ᠶᠢ ᠠᠮᠤᠷ ᠲᠦᠪᠰᠢᠨ ᠢᠶᠠᠷ ᠳᠠᠮᠵᠢᠭᠤᠯᠬᠤ᠂ ᠰᠠᠭᠤᠷᠢ ᠮᠥᠩᠭᠦ ᠶᠢ ᠴᠠᠭ ᠲᠤᠬᠠᠢ ᠳᠤᠨᠢ ᠳᠠᠩᠰᠠ | ᠬᠠᠷᠭᠤᠭᠤᠯᠵᠤ ᠳᠡᠶᠢᠯᠬᠦ ᠪᠣᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠳᠠᠭᠠᠳᠬᠠᠯ ᠤᠨ ᠰᠠᠭᠤᠷᠢ ᠮᠥᠩᠭᠦᠨ ᠤ ᠳᠡᠰ ᠳᠡᠪᠰᠢᠭᠦᠯᠦᠨ ᠬᠠᠮᠢᠶᠠᠷᠬᠤ ᠶᠢ ᠤᠷᠤᠭᠰᠢᠲᠠᠢ ᠬᠡᠷᠡᠭᠵᠢᠭᠦᠯᠬᠦ ᠳᠤ | ᠪᠠᠲᠤᠯᠠᠭ᠎ᠠ ᠬᠠᠩᠭᠠᠵᠠᠢ᠃ 4 ᠳ᠋ᠦ᠋ᠭᠡᠷ ᠰᠠᠷ᠎ᠠ ᠶᠢᠨ 18 ᠤ ᠡᠳᠦᠷ᠂ ᠪᠥᠬᠦ ᠬᠤᠲᠠ ᠶᠢᠨ 4 ᠳ᠋ᠦ᠋ᠭᠡᠷ ᠰᠠᠷ᠎ᠠ ᠶᠢᠨ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠢ | ᠬᠤᠲᠠ ᠶᠢᠨ ᠱᠠᠲᠤᠨ ᠠᠴᠠ ᠨᠢᠭᠡᠳᠦᠯᠲᠡᠢ ᠤᠷᠤᠭᠰᠢᠲᠠᠢ ᠲᠠᠷᠬᠠᠭᠠᠵᠤ᠂ 24 ᠲᠦᠮᠡᠨ ᠬᠠᠷᠠᠭᠠᠯᠵᠠᠯ ᠬᠦᠷᠲᠡᠭᠰᠡᠳ ᠢ | ᠬᠤᠲᠠ ᠶᠢᠨ ᠱᠠᠲᠤᠨ ᠠᠴᠠ ᠨᠢᠭᠡᠳᠦᠯᠲᠡᠢ ᠣᠯᠭᠤᠬᠤ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠵᠠᠢ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ ᠳᠡᠰ | ᠳᠡᠪᠰᠢᠭᠦᠯᠦᠨ ᠬᠠᠮᠢᠶᠠᠷᠬᠤ ᠨᠢ ᠰᠠᠭᠤᠷᠢ ᠮᠥᠩᠭᠦᠨ ᠤ ᠬᠠᠷᠢᠯᠴᠠᠨ ᠲᠤᠰᠠᠯᠠᠯᠴᠠᠬᠤ ᠪᠠ ᠲᠦᠭᠰᠢᠭᠦᠷᠢ ᠶᠢ | ᠠᠷᠭᠠᠴᠠᠭᠠᠬᠤ ᠴᠢᠳᠠᠪᠤᠷᠢ ᠶᠢ ᠨᠡᠮᠡᠭᠳᠡᠭᠦᠯᠬᠦ ᠳᠤ ᠠᠰᠢᠭᠲᠠᠢ ᠪᠠᠶᠢᠳᠠᠭ᠃ ᠬᠥᠬᠡᠬᠤᠲᠠ ᠶᠢᠨ ᠨᠡᠶᠢᠭᠡᠮ ᠤᠨ | ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠲᠣᠰ ᠤᠳᠠᠭᠠᠨ ᠤ ᠳᠡᠰ ᠳᠡᠪᠰᠢᠭᠦᠯᠦᠨ ᠬᠠᠮᠢᠶᠠᠷᠬᠤ ᠪᠠᠷ | ᠠᠵᠠ ᠲᠣᠬᠢᠶᠠᠯ ᠪᠣᠯᠭᠠᠵᠤ᠂ ᠦᠢᠯᠡᠴᠢᠯᠡᠭᠡᠨ ᠤ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠵᠦ᠂ ᠬᠠᠮᠢᠶᠠᠷᠤᠯᠲᠠ ᠶᠢᠨ | ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠠᠭᠤᠷᠢ ᠮᠥᠩᠭᠦ ᠶᠢᠨ ᠪᠠᠲᠤᠯᠠᠭ᠎ᠠ ᠶᠢᠨ ᠬᠢᠷᠢ | ᠲᠦᠪᠰᠢᠨ ᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠳᠠᠭᠠᠳᠬᠠᠯ ᠳᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ | |