ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 26 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 4 ᠰᠠᠷ᠎ᠠ ᠶᠢᠨ 25 ᠤ ᠦᠳᠡ ᠶᠢᠨ | ᠬᠤᠶᠢᠨ᠎ᠠ ᠵᠣᠬᠢᠶᠠᠮᠠᠯ ᠣᠶᠤᠨ ᠴᠢᠳᠠᠪᠤᠷᠢ ᠶᠢ ᠬᠥᠭᠵᠢᠭᠦᠯᠬᠦ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ | ᠬᠤᠷᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠰᠢᠨ᠎ᠡ ᠨᠢᠭᠡ | ᠦᠶ᠎ᠡ ᠶᠢᠨ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠤᠨ ᠲᠦᠷᠭᠡᠨ ᠬᠤᠪᠢᠰᠤᠯᠲᠠ ᠶᠢᠨ ᠰᠢᠨ᠎ᠡ ᠪᠠᠶᠢᠳᠠᠯ ᠤᠨ | ᠡᠮᠦᠨ᠎ᠡ᠂ ᠰᠢᠨ᠎ᠡ ᠬᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠬᠡᠷᠡᠭᠯᠡᠭᠡᠨ ᠤ ᠤᠳᠤᠷᠢᠳᠤᠮᠵᠢ ᠶᠢ | ᠳᠣᠪᠤᠶᠢᠯᠭᠠᠵᠤ᠂ ᠮᠠᠨ ᠤ ᠤᠯᠤᠰ ᠤᠨ ᠵᠣᠬᠢᠶᠠᠮᠠᠯ ᠣᠶᠤᠨ ᠴᠢᠳᠠᠪᠤᠷᠢ ᠶᠢᠨ ᠠᠰᠢᠭᠲᠠᠢ᠂ ᠠᠮᠤᠷ ᠲᠦᠪᠰᠢᠨ᠂ ᠡᠷᠬᠡ | ᠲᠡᠭᠰᠢ ᠴᠢᠭᠯᠡᠯ ᠲᠡᠶᠢᠰᠢ ᠡᠷᠡᠭᠦᠯ ᠪᠥᠭᠡᠳ ᠡᠮᠬᠢ ᠳᠢᠭᠯᠢᠮ ᠲᠠᠢ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠫᠷᠣᠹᠧᠰᠰᠣᠷ ᠵᠧᠩ ᠨᠠᠨ ᠨᠢᠩ ᠨᠥᠬᠦᠷ ᠡᠨᠡ | ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠴᠠᠢ᠃ ᠨᠠᠮ ᠤᠨ ᠲᠥᠪ | ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ | ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ | ᠲᠡᠷᠡ᠂ ᠵᠣᠬᠢᠶᠠᠮᠠᠯ ᠣᠶᠤᠨ ᠴᠢᠳᠠᠪᠤᠷᠢ ᠨᠢ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠮᠡᠷᠭᠡᠵᠢᠯ ᠪᠣᠯᠤᠭᠰᠠᠨ ᠤ ᠬᠤᠪᠢ ᠳᠤ᠂ ᠬᠥᠮᠥᠨ ᠲᠥᠷᠥᠯᠬᠢᠲᠡᠨ ᠤ ᠦᠢᠯᠡᠳᠪᠦᠷᠢᠯᠡᠯ ᠠᠮᠢᠳᠤᠷᠠᠯ ᠤᠨ | ᠠᠷᠭ᠎ᠠ ᠬᠡᠯᠪᠡᠷᠢ ᠶᠢ ᠭᠦᠨᠵᠡᠭᠡᠢ ᠬᠤᠪᠢᠷᠠᠭᠤᠯᠪᠠ᠃ ᠨᠠᠮ ᠤᠨ ᠲᠥᠪ ᠬᠤᠷᠢᠶ᠎ᠠ ᠵᠣᠬᠢᠶᠠᠮᠠᠯ ᠣᠶᠤᠨ ᠴᠢᠳᠠᠪᠤᠷᠢ ᠶᠢ | ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠶᠢᠷ᠎ᠠ ᠶᠢᠨ ᠵᠢᠯ ᠳᠤ ᠦᠵᠦ ᠲᠥᠯᠥᠪᠯᠡᠭᠡ ᠶᠢ | ᠲᠡᠭᠦᠯᠳᠡᠷᠵᠢᠭᠦᠯᠦᠨ᠂ ᠠᠵᠢᠯ ᠤᠨ ᠪᠠᠶᠢᠷᠢᠯᠠᠭᠤᠯᠤᠯᠲᠠ ᠶᠢ ᠴᠢᠩᠭᠠᠳᠬᠠᠵᠤ᠂ ᠮᠠᠨ ᠤ ᠤᠯᠤᠰ ᠤᠨ ᠵᠣᠬᠢᠶᠠᠮᠠᠯ ᠣᠶᠤᠨ | ᠴᠢᠳᠠᠪᠤᠷᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠪᠦᠬᠦᠯᠢ ᠴᠣᠭᠴᠠᠲᠤ ᠴᠢᠨᠠᠷᠲᠠᠢ᠂ ᠰᠢᠰᠲ᠋ᠧᠮᠲᠦ ᠴᠢᠨᠠᠷᠲᠠᠢ | ᠳᠡᠭᠡᠭᠰᠢᠯᠡᠬᠦ ᠶᠢ ᠠᠬᠢᠭᠤᠯᠪᠠ᠃ ᠡᠭᠦᠨ ᠤ ᠬᠠᠮᠲᠤ ᠰᠠᠭᠤᠷᠢ ᠣᠨᠣᠯ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠵᠡᠷᠭᠡ | ᠲᠠᠯ᠎ᠠ ᠪᠠᠷ ᠪᠠᠰᠠ ᠳᠤᠲᠠᠭᠤᠳᠠᠯ ᠪᠠ ᠪᠠᠭᠤᠷᠠᠢ ᠲᠠᠯ᠎ᠠ ᠣᠷᠣᠰᠢᠵᠤ ᠪᠠᠶᠢᠨ᠎ᠠ᠃ ᠵᠥᠷᠢᠶ᠎ᠡ ᠳᠤ ᠵᠥᠪ ᠢᠶᠠᠷ ᠬᠠᠨᠳᠤᠵᠤ᠂ | ᠨᠡᠩ ᠢᠯᠡᠭᠦᠦ ᠴᠢᠷᠮᠠᠶᠢᠵᠤ᠂ ᠵᠣᠬᠢᠶᠠᠮᠠᠯ ᠣᠶᠤᠨ ᠴᠢᠳᠠᠪᠤᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ᠂ ᠠᠵᠤ ᠦᠢᠯᠡᠰ ᠢ ᠬᠥᠭᠵᠢᠭᠦᠯᠬᠦ ᠪᠠ ᠡᠨᠧᠷᠭᠢ ᠣᠯᠭᠤᠨ ᠬᠡᠷᠡᠭᠯᠡᠬᠦ ᠶᠢ ᠪᠦᠬᠦ ᠲᠠᠯ᠎ᠠ ᠪᠠᠷ | ᠠᠬᠢᠭᠤᠯᠵᠤ᠂ ᠵᠣᠬᠢᠶᠠᠮᠠᠯ ᠣᠶᠤᠨ ᠴᠢᠳᠠᠪᠤᠷᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠵᠦ᠂ ᠵᠣᠬᠢᠶᠠᠮᠠᠯ ᠣᠶᠤᠨ ᠴᠢᠳᠠᠪᠤᠷᠢ ᠶᠢᠨ ᠬᠥᠭᠵᠢᠯᠲᠡ ᠪᠠ ᠵᠠᠰᠠᠯᠲᠠ ᠶᠢᠨ ᠰᠠᠨᠠᠭᠠᠴᠢᠯᠠᠭᠠᠲᠤ | ᠡᠷᠬᠡ ᠶᠢ ᠪᠠᠲᠤ ᠡᠵᠡᠮᠳᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠵᠣᠬᠢᠶᠠᠮᠠᠯ ᠣᠶᠤᠨ ᠴᠢᠳᠠᠪᠤᠷᠢ ᠶᠢᠨ ᠬᠦᠷᠢᠶᠡᠨ ᠳᠤ ᠲᠡᠷᠢᠭᠦᠨ ᠠᠵᠠ ᠲᠣᠬᠢᠶᠠᠯ ᠢ ᠡᠵᠡᠮᠳᠡᠵᠦ᠂ | ᠳᠠᠪᠠᠭᠤᠯᠢᠭ ᠪᠠᠶᠢᠷᠢ ᠶᠢ ᠡᠵᠡᠯᠡᠬᠦ ᠳᠤ ᠡᠷᠬᠡᠪᠰᠢ ᠰᠠᠭᠤᠷᠢ ᠣᠨᠣᠯ᠂ ᠠᠷᠭ᠎ᠠ᠂ ᠪᠠᠭᠠᠵᠢ ᠵᠡᠷᠭᠡ ᠲᠠᠯ᠎ᠠ ᠪᠠᠷ | ᠰᠢᠪᠲᠤᠯᠤᠯᠲᠠ ᠭᠠᠷᠭᠠᠬᠤ ᠬᠡᠷᠡᠭᠲᠡᠢ᠃ ᠰᠠᠭᠤᠷᠢ ᠰᠤᠳᠤᠯᠭᠠᠨ ᠢ ᠦᠷᠭᠦᠯᠵᠢᠯᠡᠨ ᠴᠢᠩᠭᠠᠳᠬᠠᠵᠤ᠂ ᠬᠦᠴᠦᠨ ᠢᠶᠠᠨ | ᠲᠥᠪᠯᠡᠷᠡᠭᠦᠯᠦᠨ ᠳᠡᠭᠡᠳᠦ ᠳᠡᠰ ᠤᠨ ᠴᠢᠫ᠂ ᠰᠠᠭᠤᠷᠢ ᠵᠥᠭᠡᠯᠡᠨ ᠲᠣᠨᠤᠭ ᠵᠡᠷᠭᠡ ᠭᠤᠣᠯᠯᠠᠬᠤ ᠮᠡᠷᠭᠡᠵᠢᠯ ᠤᠨ | ᠪᠣᠭᠤᠮᠲᠠ ᠶᠢ ᠰᠢᠪᠲᠤᠯᠵᠤ᠂ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ᠂ ᠬᠠᠮᠵᠢᠯᠴᠠᠨ ᠠᠵᠢᠯᠯᠠᠬᠤ ᠵᠣᠬᠢᠶᠠᠮᠠᠯ | ᠣᠶᠤᠨ ᠴᠢᠳᠠᠪᠤᠷᠢ ᠶᠢᠨ ᠰᠠᠭᠤᠷᠢ ᠵᠥᠭᠡᠯᠡᠨ ᠬᠠᠲᠠᠭᠤ ᠲᠣᠨᠤᠭ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ | ᠵᠣᠬᠢᠶᠠᠮᠠᠯ ᠣᠶᠤᠨ ᠴᠢᠳᠠᠪᠤᠷᠢ ᠪᠠᠷ ᠰᠢᠨᠵᠢᠯᠡᠬᠦ ᠤᠬᠠᠭᠠᠨ ᠤ ᠰᠤᠳᠤᠯᠭᠠᠨ ᠤ ᠬᠡᠪ ᠲᠣᠮᠢᠶ᠎ᠠ ᠶᠢᠨ ᠬᠤᠪᠢᠰᠤᠯᠲᠠ ᠶᠢ | ᠬᠥᠲᠥᠯᠥᠨ ᠳᠠᠭᠠᠭᠤᠯᠵᠤ᠂ ᠡᠯ᠎ᠡ ᠬᠦᠷᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠮᠠᠨ ᠤ ᠤᠯᠤᠰ ᠤᠨ ᠳ᠋ᠠᠶᠢᠲ᠋ᠠ ᠶᠢᠨ ᠡᠬᠢ ᠪᠠᠶᠠᠯᠢᠭ ᠡᠯᠪᠡᠭ᠂ ᠠᠵᠤ ᠦᠢᠯᠡᠰ ᠤᠨ ᠰᠢᠰᠲ᠋ᠧᠮ | ᠪᠦᠷᠢᠨ᠂ ᠬᠡᠷᠡᠭᠯᠡᠭᠡᠨ ᠤ ᠪᠠᠶᠢᠳᠠᠯ ᠥᠷᠭᠡᠨ ᠠᠭᠤᠳᠠᠮ᠂ ᠵᠠᠬ᠎ᠠ ᠳᠡᠯᠭᠡᠭᠦᠷ ᠤᠨ ᠣᠷᠣᠨ ᠵᠠᠢ ᠯᠤᠲᠤ ᠶᠡᠭᠡ ᠶᠤᠮ᠃ | ᠵᠣᠬᠢᠶᠠᠮᠠᠯ ᠣᠶᠣᠨ ᠴᠢᠳᠠᠪᠤᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠣᠯᠣᠨ ᠠᠵᠤ | ᠦᠢᠯᠡᠰ ᠤᠨ ᠰᠢᠨ᠎ᠡ ᠡᠭᠦᠳᠦᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠵᠤ ᠠᠬᠤᠶᠢᠯᠠᠯ ᠢᠶᠠᠷ ᠭᠤᠣᠯ | ᠤᠳᠤᠷᠢᠳᠤᠮᠵᠢ ᠪᠣᠯᠭᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡᠨ ᠢ ᠵᠣᠬᠢᠴᠠᠭᠤᠯᠤᠭᠰᠠᠨ | ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠰ | ᠳᠡᠪᠰᠢᠭᠦᠯᠬᠦ ᠳᠤ ᠬᠦᠴᠦᠨ ᠨᠡᠮᠡᠷᠢᠯᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ | ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ ᠬᠡᠷᠡᠭᠲᠡᠢ᠃ | ᠪᠣᠳᠣᠯᠲᠠ ᠶᠢᠨ ᠬᠦᠴᠦᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠨᠡᠭᠡᠭᠡᠯᠲᠡ ᠬᠢᠵᠦ | ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠮᠡᠷᠭᠡᠵᠢᠯ ᠰᠢᠨ᠎ᠡ ᠬᠦᠷᠢᠶ᠎ᠡ ᠪᠣᠯᠤᠭᠰᠠᠨ ᠤ ᠬᠤᠪᠢ ᠳᠤ᠂ ᠵᠣᠬᠢᠶᠠᠮᠠᠯ ᠣᠶᠤᠨ | ᠴᠢᠳᠠᠪᠤᠷᠢ ᠶᠢ ᠲᠥᠷᠥ ᠶᠢᠨ ᠪᠣᠳᠣᠯᠭ᠎ᠠ ᠪᠠᠷ ᠳᠡᠮᠵᠢᠬᠦ ᠨᠢ ᠮᠠᠰᠢ ᠴᠢᠬᠤᠯᠠ ᠶᠤᠮ᠃ ᠮᠡᠳᠡᠯᠭᠡ ᠶᠢᠨ ᠥᠮᠴᠢᠯᠡᠯ ᠤᠨ | ᠡᠷᠬᠡ᠂ ᠡᠳ᠋ ᠤᠨ ᠵᠠᠰᠠᠭ ᠭᠠᠶᠢᠯᠢ ᠲᠠᠲᠠᠪᠤᠷᠢ᠂ ᠵᠠᠰᠠᠭ ᠤᠨ ᠣᠷᠳᠣᠨ ᠬᠤᠳᠠᠯᠳᠤᠨ ᠠᠪᠬᠤ᠂ ᠲᠥᠬᠦᠭᠡᠷᠦᠮᠵᠢ ᠶᠢ | ᠴᠢᠯᠦᠭᠡᠲᠡᠢ ᠪᠣᠯᠭᠠᠬᠤ ᠵᠡᠷᠭᠡ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠶᠢᠨ | ᠪᠦᠬᠦ ᠰᠤᠷᠤᠯᠭ᠎ᠠ ᠶᠢᠨ ᠱᠠᠲᠤᠨ ᠳᠠᠬᠢ ᠵᠢᠭᠠᠨ ᠰᠤᠷᠭᠠᠯᠲᠠ ᠪᠠ ᠪᠦᠬᠦ ᠨᠡᠶᠢᠭᠡᠮ ᠤᠨ ᠶᠡᠷᠦᠩᠬᠡᠶᠢᠯᠡᠭᠰᠡᠨ | ᠪᠣᠯᠪᠠᠰᠤᠷᠠᠯ ᠤᠨ ᠵᠢᠭᠠᠨ ᠰᠤᠷᠭᠠᠯᠲᠠ ᠶᠢ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ | ᠲᠠᠰᠤᠷᠠᠯᠲᠠ ᠦᠭᠡᠢ ᠬᠥᠮᠥᠵᠢᠭᠦᠯᠬᠦ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠲᠤᠯᠠᠭ᠎ᠠ᠂ ᠠᠵᠢᠯ ᠮᠡᠷᠭᠡᠵᠢᠯ ᠤᠨ ᠳᠡᠮᠵᠢᠯᠭᠡ ᠪᠠ ᠴᠢᠳᠠᠪᠤᠷᠢᠲᠠᠨ ᠢ ᠦᠨᠡᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠲᠠᠪᠴᠠᠩ | ᠪᠠᠶᠢᠭᠤᠯᠵᠤ᠂ ᠨᠥᠬᠦᠴᠡᠯ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠵᠣᠬᠢᠶᠠᠮᠠᠯ ᠣᠶᠤᠨ ᠴᠢᠳᠠᠪᠤᠷᠢ ᠤᠷᠢᠳ ᠡᠮᠦᠨ᠎ᠡ ᠪᠠᠶᠢᠭ᠎ᠠ ᠦᠭᠡᠢ ᠬᠥᠭᠵᠢᠯᠲᠡ ᠶᠢᠨ ᠠᠵᠠ | ᠲᠣᠬᠢᠶᠠᠯ ᠢ ᠠᠪᠴᠢᠷᠠᠭᠰᠠᠨ ᠪᠥᠭᠡᠳ ᠪᠠᠰᠠ ᠤᠷᠢᠳ ᠡᠮᠦᠨ᠎ᠡ ᠪᠠᠶᠢᠭ᠎ᠠ ᠦᠭᠡᠢ ᠠᠶᠤᠯ ᠲᠦᠭᠰᠢᠭᠦᠷᠢ | ᠥᠷᠢᠰᠦᠯᠳᠦᠭᠡᠨ ᠢ ᠠᠪᠴᠢᠷᠠᠭᠰᠠᠨ ᠪᠠᠶᠢᠨ᠎ᠠ᠃ ᠵᠣᠬᠢᠶᠠᠮᠠᠯ ᠣᠶᠤᠨ ᠴᠢᠳᠠᠪᠤᠷᠢ ᠶᠢᠨ ᠬᠥᠭᠵᠢᠯᠲᠡ ᠶᠢᠨ ᠬᠠᠨᠳᠤᠰᠢ | ᠪᠣᠯᠣᠨ ᠵᠢᠮ᠎ᠡ ᠶᠣᠰᠣ ᠶᠢ ᠡᠵᠡᠮᠳᠡᠵᠦ᠂ ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ᠂ ᠲᠥᠷᠥ ᠶᠢᠨ | ᠪᠣᠳᠣᠯᠭ᠎ᠠ ᠪᠠᠶᠢᠭᠤᠯᠤᠯ᠂ ᠬᠡᠷᠡᠭᠯᠡᠭᠡᠨ ᠤ ᠵᠢᠷᠤᠮᠵᠢᠯ᠂ ᠶᠣᠰᠣ ᠰᠤᠷᠲᠠᠬᠤᠨ ᠤ ᠪᠠᠷᠢᠮᠵᠢᠶ᠎ᠠ ᠶᠢ ᠱᠠᠯᠠᠪᠳᠠᠨ ᠲᠣᠭᠲᠠᠭᠠᠨ | ᠲᠡᠭᠦᠯᠳᠡᠷᠵᠢᠭᠦᠯᠵᠦ᠂ ᠮᠡᠷᠭᠡᠵᠢᠯ ᠤᠨ ᠬᠢᠨᠠᠨ ᠬᠡᠮᠵᠢᠬᠦ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ | ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠢ ᠪᠠᠶᠢᠭᠤᠯᠵᠤ᠂ ᠵᠣᠬᠢᠶᠠᠮᠠᠯ ᠣᠶᠤᠨ ᠴᠢᠳᠠᠪᠤᠷᠢ ᠶᠢᠨ ᠠᠮᠤᠷ ᠲᠦᠪᠰᠢᠨ | ᠂ ᠨᠠᠶᠢᠳᠠᠪᠤᠷᠢᠲᠠᠢ᠂ ᠡᠵᠡᠮᠳᠡᠵᠦ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠵᠣᠬᠢᠶᠠᠮᠠᠯ ᠣᠶᠤᠨ ᠴᠢᠳᠠᠪᠤᠷᠢ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ ᠣᠯᠠᠨ | ᠤᠯᠤᠰ ᠤᠨ ᠣᠯᠠᠨ ᠨᠡᠶᠢᠲᠡ ᠶᠢᠨ ᠦᠢᠯᠡᠳᠬᠦᠨ ᠪᠣᠯᠵᠤ ᠪᠣᠯᠣᠨ᠎ᠠ᠃ ᠵᠣᠬᠢᠶᠠᠮᠠᠯ ᠣᠶᠤᠨ ᠴᠢᠳᠠᠪᠤᠷᠢ ᠶᠢᠨ ᠣᠯᠠᠨ | ᠤᠯᠤᠰ ᠤᠨ ᠬᠠᠮᠲᠤᠷᠠᠯᠴᠠᠭ᠎ᠠ ᠶᠢ ᠥᠷᠭᠡᠨ ᠢᠶᠠᠷ ᠥᠷᠨᠢᠭᠦᠯᠵᠦ᠂ ᠪᠦᠬᠦ ᠪᠥᠮᠪᠥᠷᠴᠡᠭ ᠤᠨ ᠬᠥᠭᠵᠢᠵᠦ ᠪᠠᠶᠢᠭ᠎ᠠ | ᠤᠯᠤᠰ ᠤᠳ ᠢ ᠬᠠᠪᠰᠤᠷᠤᠨ ᠮᠡᠷᠭᠡᠵᠢᠯ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠪᠥᠮᠪᠥᠷᠴᠡᠭ ᠤᠨ | ᠣᠶᠤᠨᠲᠤ ᠬᠡᠷᠡᠭᠯᠡᠭᠡᠨ ᠤ ᠵᠠᠪᠰᠠᠷ ᠵᠠᠭᠠᠭ ᠢ ᠨᠥᠬᠦᠪᠦᠷᠢᠯᠡᠬᠦ ᠳᠤ ᠳᠤᠮᠳᠠᠳᠤ ᠤᠯᠤᠰ ᠤᠨ ᠬᠤᠪᠢ ᠨᠡᠮᠡᠷᠢ ᠶᠢ ᠦᠵᠡᠭᠦᠯᠬᠦ | ᠬᠡᠷᠡᠭᠲᠡᠢ᠃ ᠡᠯ᠎ᠡ ᠲᠠᠯ᠎ᠠ ᠶᠢᠨ ᠬᠢᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠵᠠᠰᠠᠯᠲᠠ ᠶᠢᠨ ᠳᠦᠷᠢᠮ᠂ | ᠮᠡᠷᠭᠡᠵᠢᠯ ᠤᠨ ᠪᠠᠷᠢᠮᠵᠢᠶ᠎ᠠ ᠪᠠᠨ ᠵᠣᠯᠭᠠᠭᠤᠯᠤᠨ ᠵᠣᠬᠢᠴᠠᠭᠤᠯᠬᠤ ᠶᠢ ᠠᠬᠢᠭᠤᠯᠵᠤ᠂ ᠥᠷᠭᠡᠨ ᠳᠡᠯᠭᠡᠷ ᠬᠠᠮᠲᠤ ᠶᠢᠨ | ᠲᠠᠨᠢᠯᠲᠠ ᠲᠠᠢ ᠪᠦᠬᠦ ᠪᠥᠮᠪᠥᠷᠴᠡᠭ ᠤᠨ ᠵᠠᠰᠠᠯᠲᠠ ᠶᠢᠨ ᠪᠣᠷᠣ ᠲᠥᠯᠥᠪ ᠪᠠ ᠪᠠᠷᠢᠮᠵᠢᠶ᠎ᠠ ᠵᠢᠷᠤᠮᠵᠢᠯ ᠢ ᠡᠷᠲᠡᠬᠡᠨ | ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | |