ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 27 ᠤ ᠴᠠᠬᠢᠯᠭᠠᠨ ᠮᠡᠳᠡᠭᠡ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 27 ᠤ ᠡᠳᠦᠷ ᠲᠦᠷᠦ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠦᠵᠡᠰᠬᠦᠯᠡᠩᠲᠦ | ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠠᠵᠢᠯᠯᠠᠭᠠᠨ | ᠥᠷᠨᠢᠭᠦᠯᠬᠦ ᠶᠢ ᠪᠠᠶᠢᠷᠢᠯᠠᠭᠤᠯᠤᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠶᠢ | ᠤᠯᠠᠮ ᠨᠢᠭᠡ ᠠᠯᠬᠤᠮ ᠴᠢᠩᠭᠠᠳᠬᠠᠬᠤ ᠳᠤ ᠬᠤᠯᠪᠣᠭᠳᠠᠭᠰᠠᠨ ᠠᠷᠭ᠎ᠠ ᠬᠡᠮᠵᠢᠶ᠎ᠡ ᠨᠦᠭᠦᠳ ᠢ ᠰᠤᠳᠤᠯᠵᠤ᠂ ︽ | ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠤᠯᠢ ︵ᠡᠬᠡ ᠲᠥᠰᠥᠯ︶ | ︾ ᠶᠢ ᠶᠠᠷᠢᠯᠴᠠᠵᠤ᠂ ᠵᠧᠵᠢᠶᠠᠩ ᠤᠨ ᠰᠠᠨ ᠮᠧᠨ ᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠵᠡᠷᠭᠡ | ᠴᠥᠮ᠎ᠡ ᠶᠢᠨ ᠴᠠᠬᠢᠯᠭᠠᠨ ᠤ ᠲᠦᠷᠦᠯ ᠵᠦᠢᠯ ᠢ ᠵᠥᠪᠰᠢᠶᠡᠷᠡᠬᠦ ᠪᠠᠷ ᠲᠣᠭᠲᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠣᠶᠢᠷ᠎ᠠ ᠶᠢᠨ ᠵᠢᠯ ᠤᠳ ᠤᠨ ᠲᠤᠷᠰᠢ ᠴᠡᠩᠭᠡᠭ ᠤᠰᠤ ᠶᠢ | ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠥᠷᠨᠢᠭᠦᠯᠦᠭᠰᠡᠨ ᠢᠶᠠᠷ ᠮᠠᠨ ᠤ ᠤᠯᠤᠰ ᠤᠨ ᠤᠰᠤᠨ ᠤ ᠠᠮᠢ ᠠᠬᠤᠢ | ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ᠃ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ | ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠣᠬᠢᠷᠲᠤᠯ ᠢ ᠣᠨᠣᠪᠴᠢᠲᠠᠢ ᠪᠠᠷ᠂ ᠰᠢᠨᠵᠢᠯᠡᠬᠦ | ᠤᠬᠠᠭᠠᠨᠴᠢ ᠪᠠᠷ᠂ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠤᠰᠤᠨ ᠤ ᠡᠬᠢ ᠰᠤᠷᠪᠤᠯᠵᠢ᠂ ᠤᠰᠤᠨ ᠤ | ᠣᠷᠴᠢᠨ ᠲᠣᠭᠤᠷᠢᠨ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ ᠲᠥᠯᠥᠪᠯᠡᠵᠦ᠂ ᠴᠢᠬᠤᠯᠠ ᠰᠠᠪᠠ | ᠭᠠᠵᠠᠷ ᠤᠨ ᠳᠡᠭᠡᠳᠦ ᠳᠣᠣᠷᠠᠳᠤ ᠤᠷᠤᠰᠬᠠᠯ ᠤᠨ ᠨᠡᠪᠲᠡᠷᠡᠯᠴᠡᠭᠰᠡᠨ ᠪᠦᠬᠦᠯᠢ ᠴᠣᠭᠴᠠᠲᠤ ᠠᠮᠢ ᠠᠬᠤᠢ ᠣᠷᠴᠢᠨ | ᠲᠣᠭᠤᠷᠢᠨ ᠤ ᠵᠠᠰᠠᠯᠲᠠ ᠶᠢᠨ ᠲᠣᠭᠲᠠᠯᠴᠠᠭ᠎ᠠ ᠪᠠᠶᠢᠭᠤᠯᠬᠤ ᠶᠢ ᠠᠬᠢᠭᠤᠯᠵᠤ᠂ ᠭᠤᠣᠯ ᠮᠥᠷᠡᠨ ᠨᠠᠭᠤᠷ | ᠴᠥᠭᠦᠷᠥᠮ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠬᠤ | ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠶᠢ ᠴᠢᠩᠭ᠎ᠠ ᠠᠳᠬᠤᠵᠤ᠂ ᠥᠷᠭᠡᠨ ᠶᠡᠭᠡ ᠭᠤᠣᠯ ᠮᠥᠷᠡᠨ᠂ | ᠴᠢᠬᠤᠯᠠ ᠪᠣᠯᠬᠤ ᠨᠠᠭᠤᠷ ᠴᠥᠭᠦᠷᠥᠮ ᠢᠶᠠᠷ ᠭᠤᠣᠯᠳᠠᠯᠭ᠎ᠠ ᠪᠣᠯᠭᠠᠨ᠂ ᠬᠢᠨᠠᠨ ᠰᠢᠨᠵᠢᠬᠦ ᠪᠠ ᠡᠬᠢ ᠡᠭᠦᠰᠦᠯ ᠢ ᠨᠢ | ᠡᠷᠢᠬᠦ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠪᠣᠬᠢᠷ ᠤᠰᠤ᠂ ᠠᠮᠢᠳᠤᠷᠠᠯ ᠤᠨ ᠪᠣᠬᠢᠷ ᠤᠰᠤ᠂ | ᠲᠠᠷᠢᠶᠠᠯᠠᠩ ᠤᠨ ᠲᠠᠷᠬᠠᠮᠠᠯ ᠡᠬᠢᠲᠦ ᠪᠣᠬᠢᠷᠲᠤᠯ ᠵᠡᠷᠭᠡ ᠪᠠᠷᠢᠮᠵᠢᠶ᠎ᠠ ᠠᠴᠠ ᠬᠡᠲᠦᠷᠡᠭᠦᠯᠦᠭᠰᠡᠨ ᠭᠠᠳᠠᠭᠰᠢᠯᠠᠭᠤᠯᠤᠯᠲᠠ ᠶᠢ | ᠴᠢᠩᠭ᠎ᠠ ᠰᠡᠷᠭᠡᠶᠢᠯᠡᠬᠦ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ | ᠨᠡᠪᠲᠡᠷᠡᠭᠦᠯᠬᠦ ᠪᠠ ᠪᠥᠭᠯᠡᠬᠦ ᠶᠢ ᠨᠢ ᠤᠶᠠᠯᠳᠤᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠪᠠᠶᠢᠭᠠᠳ ᠡᠨᠧᠷᠭᠢ ᠠᠷᠪᠢᠯᠠᠵᠤ ᠭᠠᠳᠠᠭᠰᠢᠯᠠᠭᠤᠯᠤᠯᠲᠠ ᠪᠠᠭᠠᠰᠬᠠᠬᠤ ᠪᠠᠷ ᠥᠭᠡᠷᠡᠴᠢᠯᠡᠨ | ᠰᠠᠶᠢᠵᠢᠷᠠᠭᠤᠯᠬᠤ ᠶᠢ ᠬᠡᠷᠡᠭᠵᠢᠭᠦᠯᠦᠨ᠂ ᠣᠷᠣᠨ ᠨᠤᠲᠤᠭ ᠤᠨ ᠬᠢᠨ ᠤ ᠣᠷᠴᠢᠨ ᠲᠣᠭᠤᠷᠢᠨ ᠤ ᠰᠠᠭᠤᠷᠢ | ᠪᠡᠯᠡᠳᠬᠡᠮᠵᠢ ᠶᠢᠨ ᠳᠤᠲᠠᠭᠤᠳᠠᠯ ᠢᠶᠠᠨ ᠨᠥᠬᠦᠪᠦᠷᠢᠯᠡᠬᠦ ᠶᠢ ᠨᠢ ᠳᠡᠮᠵᠢᠵᠦ᠂ ᠪᠦᠬᠦ ᠠᠷᠠᠳ ᠤᠨ ᠭᠤᠣᠯ ᠮᠥᠷᠡᠨ ᠨᠠᠭᠤᠷ | ᠴᠥᠭᠦᠷᠥᠮ ᠢ ᠬᠠᠮᠠᠭᠠᠯᠠᠬᠤ ᠤᠬᠠᠮᠰᠠᠷ ᠢ ᠨᠢ ᠴᠢᠩᠭᠠᠳᠬᠠᠵᠤ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ | ᠴᠥᠭᠦᠷᠥᠮ ᠢ ᠬᠠᠮᠲᠤ ᠪᠠᠷ ᠪᠠᠶᠢᠭᠤᠯᠵᠤ ᠬᠠᠮᠲᠤ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ | ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ | ᠠᠰᠠᠷᠠᠮᠵᠢ ᠶᠢᠨ ᠪᠠᠲᠤᠯᠠᠭ᠎ᠠ ᠶᠢ ᠴᠢᠩᠭᠠᠳᠬᠠᠬᠤ ᠨᠢ ᠬᠡᠦᠬᠡᠳ ᠤᠨ ᠲᠤᠰ ᠪᠡᠶ᠎ᠡ ᠶᠢᠨ ᠠᠰᠢᠭ ᠲᠤᠰᠠ᠂ ᠭᠡᠷ | ᠪᠦᠯᠢ ᠶᠢᠨ ᠬᠢᠨ ᠤ ᠡᠶ᠎ᠡ ᠵᠣᠬᠢᠴᠠᠯ ᠵᠣᠯ ᠵᠢᠷᠭᠠᠯ᠂ ᠨᠡᠶᠢᠭᠡᠮ ᠤᠨ ᠪᠣᠯᠪᠠᠰᠤᠨ ᠤ ᠳᠠᠪᠰᠢᠯᠲᠠ ᠲᠠᠢ ᠬᠤᠯᠪᠣᠭᠳᠠᠨ᠎ᠠ᠃ | ᠬᠡᠦᠬᠡᠳ ᠢ ᠤᠷᠢᠳ ᠢᠶᠠᠷ ᠬᠥᠭᠵᠢᠭᠦᠯᠬᠦ ᠪᠠ ᠬᠡᠦᠬᠡᠳ ᠲᠤ ᠬᠠᠮᠤᠭ ᠤᠨ ᠠᠰᠢᠭᠲᠠᠢ ᠪᠠᠶᠢᠯᠭᠠᠬᠤ ᠵᠠᠷᠴᠢᠮ ᠢ | ᠪᠠᠷᠢᠮᠲᠠᠯᠠᠵᠤ᠂ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠶᠢ ᠡᠪᠦᠷᠯᠡᠨ᠂ ᠬᠦᠴᠢᠷᠳᠡᠯ ᠳᠤ ᠲᠤᠯᠭᠠᠷᠠᠭᠰᠠᠨ | ᠬᠡᠦᠬᠡᠳ ᠤᠨ ᠲᠣᠷᠨᠢᠨ ᠪᠣᠶᠢᠵᠢᠬᠤ ᠶᠢ ᠬᠠᠮᠲᠤ ᠪᠠᠷ ᠬᠠᠶᠢᠷᠠᠯᠠᠨ ᠬᠠᠯᠠᠮᠵᠢᠯᠠᠬᠤ ᠬᠡᠷᠡᠭᠲᠡᠢ᠃ ᠠᠮᠢᠳᠤᠷᠠᠯ ᠤᠨ | ᠦᠨᠳᠦᠰᠦᠨ ᠪᠠᠲᠤᠯᠠᠭ᠎ᠠ᠂ ᠡᠮᠴᠢᠯᠡᠭᠡ ᠡᠷᠡᠭᠦᠯᠵᠢᠯ᠂ ᠣᠯᠠᠨ ᠨᠡᠶᠢᠲᠡ ᠶᠢᠨ ᠦᠨᠳᠦᠰᠦᠨ ᠰᠤᠷᠭᠠᠨ ᠬᠥᠮᠦᠵᠢᠯ᠂ | ᠰᠡᠳᠬᠢᠴᠡ ᠶᠢᠨ ᠡᠷᠡᠭᠦᠯ ᠮᠡᠨᠳᠦ ᠶᠢᠨ ᠬᠠᠯᠠᠮᠵᠢᠯᠠᠯ ᠵᠡᠷᠭᠡ ᠦᠢᠯᠡᠴᠢᠯᠡᠭᠡᠨ ᠤ ᠲᠣᠭᠲᠠᠯᠴᠠᠭ᠎ᠠ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠡᠷᠡᠭᠴᠡᠭᠡ ᠶᠢ ᠦᠨᠳᠦᠰᠦᠯᠡᠨ ᠲᠥᠷᠥᠯ | ᠬᠤᠪᠢᠶᠠᠨ ᠪᠣᠳᠣᠯᠭ᠎ᠠ ᠬᠡᠷᠡᠭᠵᠢᠭᠦᠯᠵᠦ᠂ ᠠᠰᠠᠷᠠᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠪᠦᠲᠦᠮᠵᠢᠲᠡᠶ | ᠳᠡᠭᠡᠭᠰᠢᠯᠡᠭᠦᠯᠬᠦ ᠬᠡᠷᠡᠭᠲᠡᠢ᠃ ᠠᠮᠢ ᠪᠡᠶ᠎ᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠲᠠᠯᠴᠠᠭ᠎ᠠ ᠶᠢ | ᠪᠠᠬᠢᠵᠢᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠬᠠᠯᠳᠠᠭᠰᠠᠨ ᠡᠯ᠎ᠡ ᠵᠦᠢᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠢᠳᠬᠡᠬᠦ ᠬᠡᠷᠡᠭᠲᠡᠢ᠃ | ᠠᠵᠢᠯ ᠤᠨ ᠰᠠᠨᠠᠭᠠᠴᠢᠯᠠᠭᠠᠲᠤ ᠴᠢᠨᠠᠷ᠂ ᠪᠠᠷᠠᠯᠠᠯᠲᠤ ᠴᠢᠨᠠᠷ ᠢ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ | ᠴᠢᠩᠭ᠎ᠠ ᠪᠣᠳᠠᠲᠠᠶᠢᠵᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ | ᠦᠨᠡᠨ ᠬᠦ ᠬᠠᠮᠠᠭᠠᠯᠠᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠴᠢᠯᠡᠭᠡᠨ ᠤ | ᠪᠠᠲᠤᠯᠠᠭ᠎ᠠ ᠶᠢᠨ ᠬᠠᠤᠯᠢ ︵ᠡᠬᠡ ᠲᠥᠰᠥᠯ︶︾ ᠶᠢ ᠶᠠᠷᠢᠯᠴᠠᠭᠠᠳ ᠵᠠᠷᠴᠢᠮ ᠤᠨ ᠲᠠᠯ᠎ᠠ ᠪᠠᠷ ᠪᠠᠲᠤᠯᠠᠵᠤ᠂ ᠡᠬᠡ | ᠲᠥᠰᠥᠯ ᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ | ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠡᠨᠡ ᠬᠦ | ᠬᠠᠤᠯᠢ ᠲᠣᠭᠲᠠᠭᠠᠯᠲᠠ ᠪᠠᠷ ᠲᠣᠬᠢᠶᠠᠯ ᠪᠣᠯᠭᠠᠵᠤ᠂ ᠮᠠᠨ ᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠦᠷᠦ ᠶᠢᠨ | ᠪᠣᠳᠣᠯᠭ᠎ᠠ ᠶᠢᠨ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠠᠭᠠᠳᠬᠠᠯ ᠳᠤ | ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠢ ᠬᠠᠮᠠᠭᠠᠯᠠᠵᠤ᠂ ᠠᠷᠠᠳ ᠤᠯᠠᠨ ᠤ | ᠡᠪᠡᠳᠴᠢᠯᠡᠪᠡᠯ ᠡᠮᠨᠡᠨ ᠡᠮᠴᠢᠯᠡᠭᠦᠯᠵᠦ ᠪᠠᠶᠢᠬᠤ ᠳᠦᠷᠢᠮ ᠤᠨ ᠰᠠᠭᠤᠷᠢ ᠶᠢ ᠪᠠᠲᠤᠳᠬᠠᠬᠤ ᠬᠡᠷᠡᠭᠲᠡᠢ᠃ ᠡᠮᠴᠢᠯᠡᠭᠡᠨ ᠤ | ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠲᠠᠯᠪᠢᠵᠤ | ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠵᠦ᠂ ᠬᠤᠳᠠᠯ ᠢᠶᠠᠷ ᠣᠨᠣᠰᠢᠯᠠᠨ ᠡᠮᠨᠡᠬᠦ᠂ ᠬᠤᠳᠠᠯ ᠢᠶᠠᠷ ᠡᠮ ᠬᠤᠳᠠᠯᠳᠤᠨ | ᠠᠪᠬᠤ ᠵᠡᠷᠭᠡ ᠳᠠᠭᠠᠳᠬᠠᠯ ᠮᠡᠬᠡᠯᠡᠨ ᠠᠪᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ | ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠡᠮᠴᠢᠯᠡᠭᠡᠨ ᠤ | ᠪᠠᠶᠢᠭᠤᠯᠤᠮᠵᠢ᠂ ᠡᠮᠨᠡᠯᠭᠡ ᠶᠢᠨ ᠠᠵᠢᠯᠲᠠᠨ ᠪᠠ ᠤᠯᠠᠨ ᠲᠦᠮᠡᠨ ᠤ ᠬᠠᠤᠯᠢ ᠶᠢ ᠵᠢᠷᠤᠮᠯᠠᠨ ᠰᠠᠬᠢᠬᠤ ᠤᠬᠠᠮᠰᠠᠷ ᠢ ᠨᠢ | ᠳᠡᠭᠡᠭᠰᠢᠯᠡᠭᠦᠯᠵᠦ᠂ ᠡᠪᠡᠳᠴᠢᠨ ᠦᠵᠡᠭᠦᠯᠬᠦ ᠡᠮᠬᠢ ᠵᠢᠷᠤᠮ ᠪᠠ ᠡᠮᠴᠢᠯᠡᠭᠡᠨ ᠤ ᠦᠢᠯᠡ ᠠᠵᠢᠯᠯᠠᠭ᠎ᠠ ᠶᠢ | ᠵᠢᠷᠤᠮᠵᠢᠭᠤᠯᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠴᠥᠮ᠎ᠡ ᠶᠢᠨ ᠴᠠᠬᠢᠯᠭᠠᠨ ᠢ ᠬᠥᠭᠵᠢᠭᠦᠯᠬᠦ ᠳᠤ ᠠᠮᠤᠷ | ᠲᠦᠪᠰᠢᠨ ᠢ ᠡᠷᠬᠡᠪᠰᠢ ᠲᠤᠩ ᠪᠠᠲᠤᠯᠠᠭ᠎ᠠ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠂ ᠪᠦᠲᠦᠭᠡᠨ | ᠪᠠᠶᠢᠭᠤᠯᠬᠤ ᠳᠤ ᠣᠷᠣᠯᠴᠠᠭᠰᠠᠨ ᠨᠢᠭᠡᠴᠢ ᠪᠠ ᠥᠮᠴᠢᠲᠡᠨ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠠᠲᠤᠳᠬᠠᠵᠤ᠂ ᠪᠦᠬᠦ ᠪᠥᠮᠪᠥᠷᠴᠡᠭ ᠤᠨ ᠬᠠᠮᠤᠭ ᠤᠨ ᠥᠨᠳᠥᠷ ᠠᠮᠤᠷ ᠲᠦᠪᠰᠢᠨ ᠤ ᠪᠠᠷᠢᠮᠵᠢᠶ᠎ᠠ ᠪᠠᠷ ᠴᠥᠮ᠎ᠡ ᠶᠢᠨ | ᠴᠠᠬᠢᠯᠭᠠᠨ ᠤ ᠮᠠᠰᠢᠨ ᠴᠣᠭᠴᠠᠯᠠᠪᠤᠷᠢ ᠶᠢ ᠪᠦᠲᠦᠭᠡᠨ ᠪᠠᠶᠢᠭᠤᠯᠬᠤ ᠪᠠ ᠡᠵᠡᠩᠨᠡᠨ ᠠᠵᠢᠯᠯᠠᠭᠤᠯᠵᠤ᠂ ᠠᠮᠤᠷ | ᠲᠦᠪᠰᠢᠨ ᠤ ᠬᠢᠨᠠᠨ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ | ᠴᠥᠮ᠎ᠡ ᠶᠢᠨ ᠴᠠᠬᠢᠯᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠣᠣᠷ ᠢ ᠦᠨᠡᠨ ᠬᠦ ᠪᠠᠲᠤᠳᠬᠠᠬᠤ ᠬᠡᠷᠡᠭᠲᠡᠢ | ᠭᠡᠵᠡᠢ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | |